ᠰᠦᠨᠢᠳ ᠪᠠᠷᠠᠭᠤᠨ ᠬᠤᠰᠢᠭᠤᠨ ᠤ ᠦᠨᠳᠤᠰᠤᠲᠠᠨ ᠤ ᠭᠡᠷᠡᠭ ᠡᠷᠬᠢᠯᠡᠬᠦ ᠵᠦᠪᠯᠡᠯ
ᠨᠡᠶᠢᠲᠡᠯᠡᠭᠰᠡᠨ ᠴᠠᠭ᠄
2024/6/20
ᠪᠠᠶᠢᠭᠤᠯᠤᠮᠵᠢ ᠶᠢᠨ ᠡᠭᠦᠷᠭᠡ ᠴᠢᠳᠠᠪᠤᠷᠢ      ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠦᠨᠳᠦᠰᠦᠲᠡᠨ ᠤ ᠠᠵᠢᠯ ᠤᠨ ᠲᠠᠯ᠎ᠠ ᠪᠠᠷ ᠬᠢ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠦᠨᠳᠦᠰᠦᠲᠡᠨ ᠤ ᠣᠨᠣᠯ ᠪᠣᠯᠤᠨ ᠦᠨᠳᠦᠰᠦᠲᠡᠨ ᠤ ᠠᠵᠢᠯ ᠤᠨ ᠴᠢᠬᠤᠯᠠ ᠶᠡᠭᠡ ᠠᠰᠠᠭᠤᠳᠠᠯ ᠤᠨ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠳᠦᠰᠦᠲᠡᠨ ᠤ ᠠᠵᠢᠯ ᠪᠣᠯᠤᠨ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠲᠤᠬᠠᠶ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠦᠨᠳᠦᠰᠦᠲᠡᠨ ᠪᠠ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠨ᠎ᠠ᠃ ᠪᠥᠬᠦ ᠬᠤᠰᠢᠭᠤᠨ ᠤ ᠦᠨᠳᠦᠰᠦᠲᠡᠨ ᠤ ᠠᠵᠢᠯ ᠪᠠ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠥᠰᠥᠭ ᠪᠢᠴᠢᠭ ᠤᠨ ᠠᠵᠢᠯ ᠤᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠨ᠎ᠠ᠃ ᠦᠨᠳᠦᠰᠦᠲᠡᠨ ᠤ ᠣᠨᠣᠯ᠂ ᠦᠨᠳᠦᠰᠦᠲᠡᠨ ᠤ ᠲᠥᠷᠥ ᠶᠢᠨ ᠪᠣᠳᠣᠯᠭ᠎ᠠ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︵ᠬᠤᠶᠠᠷ︶ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠵᠣᠬᠢᠴᠠᠭᠤᠯᠤᠨ ᠬᠠᠷᠢᠭᠤᠴᠠᠨ᠎ᠠ᠃ ᠦᠨᠳᠦᠰᠦᠲᠡᠨ ᠤ ᠬᠠᠷᠢᠴᠠᠭ᠎ᠠ ᠶᠢ ᠵᠣᠬᠢᠴᠠᠭᠤᠯᠬᠤ ᠠᠵᠢᠯ ᠤᠨ ᠰᠠᠨᠠᠭᠤᠯᠭ᠎ᠠ ᠰᠤᠳᠤᠯᠤᠨ ᠳᠤᠷᠠᠳᠴᠤ᠂ ᠦᠨᠳᠦᠰᠦᠲᠡᠨ ᠤ ᠬᠠᠷᠢᠴᠠᠭ᠎ᠠ ᠶᠢ ᠵᠣᠬᠢᠴᠠᠭᠤᠯᠤᠨ ᠰᠢᠢᠳᠪᠦᠷᠢᠯᠡᠨ᠎ᠡ᠃ ᠴᠥᠭᠡᠨ ᠲᠣᠭᠠᠲᠤ ᠦᠨᠳᠦᠰᠦᠲᠡᠨ ᠤ ᠡᠷᠬᠡ ᠠᠰᠢᠭ ᠲᠤ ᠬᠤᠯᠪᠣᠭᠳᠠᠬᠤ ᠤᠴᠢᠷ ᠶᠠᠪᠤᠳᠠᠯ ᠢ ᠬᠠᠷᠢᠭᠤᠴᠠᠨ ᠰᠢᠢᠳᠪᠦᠷᠢᠯᠡᠵᠦ᠂ ᠴᠥᠭᠡᠨ ᠲᠣᠭᠠᠲᠤ ᠦᠨᠳᠦᠰᠦᠲᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠵᠣᠬᠢᠴᠠᠭᠤᠯᠬᠤ ᠳᠤ ᠣᠷᠣᠯᠴᠠᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠵᠤ ᠂ ᠤᠯᠤᠰ ᠣᠷᠣᠨ ᠤ ᠨᠢᠭᠡᠳᠦᠯ ᠢ ᠬᠠᠮᠠᠭᠠᠯᠠᠨ᠎ᠠ᠃      ︵ᠭᠤᠷᠪᠠ︶ ᠴᠥᠭᠡᠨ ᠲᠣᠭᠠᠲᠤ ᠦᠨᠳᠦᠰᠦᠲᠡᠨ ᠪᠣᠯᠤᠨ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠭ᠎ᠠ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠠᠯ᠎ᠠ ᠶᠢᠨ ᠠᠰᠠᠭᠤᠳᠠᠯ ᠢ ᠰᠤᠳᠤᠯᠤᠨ ᠵᠠᠳᠠᠯᠬᠤ ᠶᠢᠨ ᠬᠠᠮᠲᠤ ᠣᠨᠴᠣᠭᠤᠶ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠨ ᠦᠨᠳᠦᠰᠦᠲᠡᠨ ᠤ ᠠᠵᠢᠯ ᠤᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠵᠣᠬᠢᠴᠠᠭᠤᠯᠤᠨ ᠰᠢᠮᠳᠠᠭᠤᠯᠵᠤ᠂ ᠠᠵᠤ ᠠᠬᠤᠶ ᠶᠢᠨ ᠬᠥᠭᠵᠢᠯᠲᠡ ᠪᠣᠯᠤᠨ ᠨᠡᠶᠢᠭᠡᠮ ᠤᠨ ᠦᠢᠯᠡᠰ ᠤᠨ ᠬᠤᠯᠪᠣᠭᠳᠠᠯ ᠪᠦᠬᠦᠢ ᠬᠦᠷᠢᠶᠡᠨ ᠳᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠪᠠ ᠵᠣᠯᠭᠠᠭᠤᠯᠬᠤ ᠶᠢ ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ᠂ ᠠᠵᠢᠯ ᠲᠦᠷᠦᠯ ᠢᠶᠠᠷ ᠢᠶᠠᠨ ᠳᠡᠮᠵᠢᠬᠦ ᠪᠠ ᠠᠵᠤ ᠠᠬᠤᠢ ᠮᠡᠷᠭᠡᠵᠢᠯ ᠤᠨ ᠬᠠᠮᠲᠤᠷᠠᠯᠴᠠᠭ᠎ᠠ᠂ ᠦᠨᠳᠦᠰᠦᠲᠡᠨ ᠤ ᠠᠷᠠᠯᠵᠢᠶ᠎ᠠ᠂ ᠦᠨᠳᠦᠰᠦᠲᠡᠨ ᠤ ᠣᠨᠴᠠ ᠬᠡᠷᠡᠭᠴᠡᠭᠡᠲᠦ ᠬᠡᠷᠡᠭᠰᠡᠯ ᠦᠢᠯᠡᠳᠪᠦᠷᠢᠯᠡᠬᠦ ᠵᠡᠷᠭᠡ ᠬᠤᠯᠪᠣᠭᠳᠠᠯ ᠪᠦᠬᠦᠢ ᠠᠵᠢᠯ ᠢ ᠵᠣᠬᠢᠴᠠᠭᠤᠯᠬᠤ ᠳᠤ ᠣᠷᠣᠯᠴᠠᠨ᠎ᠠ᠃      ︵ᠲᠦᠷᠪᠡ︶ ᠴᠥᠭᠡᠨ ᠲᠣᠭᠠᠲᠤ ᠦᠨᠳᠦᠰᠦᠲᠡᠨ ᠤ ᠠᠵᠢᠯ ᠦᠢᠯᠡᠰ ᠤᠨ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠠᠮᠢᠶ᠎ᠠ ᠪᠥᠬᠦᠶ ᠬᠦᠷᠢᠶᠡᠨ ᠤ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠠᠵᠢᠯ ᠦᠢᠯᠡᠰ ᠤᠨ ᠬᠥᠭᠵᠢᠯᠲᠡ ᠶᠢ ᠶᠡᠷᠦᠩᠬᠡᠶᠢᠯᠡᠨ ᠦᠨᠡᠯᠡᠵᠦ ᠬᠢᠨᠠᠨ ᠬᠡᠮᠵᠢᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠦᠨᠳᠦᠰᠦᠲᠡᠨ ᠤ ᠬᠡᠷᠡᠭ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠪᠠ ᠦᠨᠳᠦᠰᠦᠲᠡᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠠᠬᠢᠭᠤᠯᠤᠨ᠎ᠠ᠃      ︵ᠲᠠᠪᠤ︶ ᠬᠠᠤᠯᠢ ᠶᠣᠰᠣᠭᠠᠷ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠᠨ ᠭᠦᠢᠴᠡᠳᠬᠡᠵᠦ᠂ ᠪᠥᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠳᠠᠭᠠᠭᠠᠨ ᠭᠦᠢᠴᠡᠳᠬᠡᠨ᠎ᠡ᠃ ᠴᠥᠭᠡᠩᠬᠢ ᠦᠨᠳᠦᠰᠦᠲᠡᠨ ᠤ ᠰᠤᠷᠤᠯᠴᠠᠬᠤ᠂ ᠲᠣᠭᠤᠷᠢᠨ ᠦᠵᠡᠬᠦ᠂ ᠰᠢᠯᠭᠠᠨ ᠪᠠᠶᠢᠴᠠᠭᠠᠬᠤ ᠵᠡᠷᠭᠡ ᠶᠠᠪᠤᠳᠠᠯ ᠢ ᠬᠦᠯᠢᠶᠡᠨ ᠠᠪᠬᠤ ᠶᠢ ᠵᠣᠬᠢᠶᠠᠨ ᠪᠠᠶᠢᠭᠤᠯᠵᠤ᠃      ︵ᠵᠢᠷᠭᠤᠭ᠎ᠠ︶ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠰᠤᠷᠤᠯᠴᠠᠬᠤ᠂ ᠬᠡᠷᠡᠭᠯᠡᠬᠦ᠂ ᠰᠤᠳᠤᠯᠬᠤ᠂ ᠬᠥᠭᠵᠢᠭᠦᠯᠬᠦ᠂ ᠵᠠᠪᠳᠤᠨ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ ᠠᠵᠢᠯ ᠢ ᠬᠠᠮᠢᠶᠠᠷᠤᠨ᠎ᠠ᠃ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠦᠨᠳᠦᠰᠦᠲᠡᠨ ᠤ ᠰᠤᠷᠭᠠᠨ ᠬᠥᠮᠦᠵᠢᠯ᠂ ᠣᠷᠴᠢᠭᠤᠯᠭ᠎ᠠ᠂ ᠬᠡᠪᠯᠡᠯ᠂ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠪᠠ ᠦᠨᠳᠦᠰᠦᠲᠡᠨ ᠤ ᠡᠷᠲᠡᠨ ᠤ ᠨᠣᠮ ᠪᠢᠴᠢᠭ ᠢ ᠡᠮᠬᠢᠳᠬᠡᠬᠦ ᠠᠵᠢᠯ ᠢ ᠵᠢᠯᠣᠭᠤᠳᠤᠨ᠎ᠠ᠃ ᠪᠦᠬᠦ ᠬᠤᠰᠢᠭᠤᠨ ᠤ ᠮᠣᠩᠭᠤᠯ ᠦᠭᠡ ᠬᠡᠯᠡ ᠦᠰᠦᠭ ᠪᠢᠴᠢᠭ ᠢ ᠬᠥᠬᠢᠭᠦᠯᠦᠨ ᠱᠠᠩᠨᠠᠬᠤ ᠠᠵᠢᠯᠯᠠᠭ᠎ᠠ ᠶᠢ ᠳᠠᠭᠠᠭᠠᠨ ᠡᠷᠬᠢᠯᠡᠪᠡ᠃      ︵ᠳᠤᠯᠤᠭ᠎ᠠ︶ ᠦᠨᠳᠦᠰᠦᠲᠡᠨ ᠤ ᠠᠵᠢᠯ ᠤᠨ ᠬᠦᠷᠢᠶᠡᠨ ᠳᠠᠬᠢ ᠬᠤᠯᠪᠣᠭᠳᠠᠯ ᠪᠦᠬᠦᠢ ᠭᠠᠳᠠᠭᠠᠳᠤ ᠪᠠ ᠰᠢᠶᠠᠩᠭᠠᠩ ᠣᠣᠮᠧᠨ ᠲᠠᠶᠢᠸᠠᠨ ᠳᠠᠬᠢ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠦᠨᠳᠦᠰᠦᠲᠡᠨ ᠤ ᠬᠡᠷᠡᠭ ᠶᠠᠪᠤᠳᠠᠯ ᠳᠤ ᠬᠤᠯᠪᠣᠭᠳᠠᠬᠤ ᠭᠠᠳᠠᠭᠠᠳᠤ ᠤᠬᠠᠭᠤᠯᠭ᠎ᠠ ᠶᠢᠨ ᠠᠵᠢᠯ ᠳᠤ ᠣᠷᠣᠯᠴᠠᠨ᠎ᠠ᠃      ︵ᠨᠠᠢᠮᠠ︶ ᠴᠥᠭᠡᠨ ᠲᠣᠭᠠᠲᠤ ᠦᠨᠳᠦᠰᠦᠲᠡᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠲᠠᠢ ᠬᠠᠷᠢᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ ᠬᠥᠮᠦᠵᠢᠭᠦᠯᠬᠦ᠂ ᠬᠥᠮᠦᠵᠢᠭᠦᠯᠬᠦ ᠪᠠ ᠬᠡᠷᠡᠭᠯᠡᠬᠦ ᠠᠵᠢᠯ ᠢ ᠰᠠᠶᠢᠲᠤᠷ ᠬᠢᠨ᠎ᠡ᠃      ︵ᠶᠢᠰᠦ︶ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ᠬᠤᠶᠠᠷ᠂ ᠳᠤᠳᠤᠭᠠᠳᠤ ᠶᠢᠨ ᠪᠠᠶᠢᠭᠤᠯᠤᠮᠵᠢ      ᠶᠡᠷᠦᠩᠬᠡᠶᠢᠯᠡᠭᠰᠡᠨ  ᠠᠯᠪᠠᠨ  ᠭᠡᠷ᠂ ᠦᠨᠳᠦᠰᠦᠲᠡᠨ ᠤ ᠡᠳ᠋ ᠤᠨ ᠵᠠᠰᠠᠭ ᠤᠨ ᠬᠥᠭᠵᠢᠯ ᠤᠨ ᠲᠠᠰᠤᠭ᠃      ᠬᠠᠶ᠋ᠢᠭ᠄ ᠰᠥᠨᠢᠳ ᠪᠠᠷᠠᠭᠤᠨ ᠬᠤᠰᠢᠭᠤᠨ ᠤ ᠨᠠᠮ ᠵᠠᠰᠠᠭ ᠤᠨ ᠲᠣᠮᠣ ᠠᠰᠠᠷ ᠤᠨ 5 ᠳ᠋ᠤᠭᠠᠷ ᠳᠠᠪᠬᠤᠷᠯᠢᠭ ᠤᠨ ᠬᠠᠷᠢᠯᠴᠠᠬᠤ ᠤᠲᠠᠰᠤ᠄ 0479 - 7222646      ᠠᠵᠢᠯᠯᠠᠬᠤ ᠴᠠᠭ᠄ ᠬᠠᠤᠯᠢ ᠪᠠᠷ ᠲᠣᠭᠲᠠᠭᠠᠭᠰᠠᠨ ᠠᠵᠢᠯ ᠤᠨ ᠡᠳᠦᠷ ᠤᠨ ᠦᠳᠡ ᠶᠢᠨ ᠡᠮᠦᠨ᠎ᠡ 8᠄ 30 - 12᠄ 00 ᠦᠳᠡ ᠶᠢᠨ ᠬᠤᠶᠢᠨ᠎ᠠ 2᠄ 30 - 5᠄ 30     ᠬᠠᠷᠢᠭᠤᠴᠠᠯᠭᠠᠲᠠᠨ᠄ ᠬᠠᠰᠴᠢᠯᠠᠭᠤ᠃
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号