ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ
ᠨᠡᠶᠢᠲᠡᠯᠡᠭᠰᠡᠨ ᠴᠠᠭ᠄
2024/6/20
ᠪᠠᠶᠢᠭᠤᠯᠤᠮᠵᠢ ᠶᠢᠨ ᠡᠭᠦᠷᠭᠡ ᠴᠢᠳᠠᠪᠤᠷᠢ    ᠨᠢᠭᠡ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠢᠭᠠᠨ ᠲᠣᠭᠲᠠᠭᠠᠭᠰᠠᠨ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠶ ᠲᠣᠭᠲᠠᠭᠠᠯ᠂ ᠰᠢᠢᠳᠪᠦᠷᠢ ᠵᠢᠴᠢ ᠴᠣᠬᠤᠯᠠᠪᠤᠷᠢ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃    ᠬᠤᠶᠠᠷ᠂ ᠪᠦᠬᠦ ᠬᠤᠰᠢᠭᠤᠨ ᠤ ᠲᠣᠭᠲᠠᠭᠤᠨ ᠪᠠᠶᠢᠳᠠᠯ ᠢ ᠨᠥᠯᠥᠭᠡᠯᠡᠬᠦ᠂ ᠤᠯᠤᠰ ᠤᠨ ᠳᠣᠲᠣᠭᠠᠳᠤ ᠶᠢᠨ ᠠᠮᠤᠷ ᠲᠦᠪᠰᠢᠨ ᠪᠠ ᠨᠡᠶᠢᠭᠡᠮ ᠤᠨ ᠠᠮᠤᠷ ᠲᠦᠪᠰᠢᠨ ᠢ ᠬᠤᠬᠢᠷᠠᠭᠤᠯᠤᠭᠰᠠᠨ ᠪᠠᠶᠢᠳᠠᠯ ᠪᠠ ᠪᠠᠶᠢᠳᠠᠯ ᠢ ᠡᠵᠡᠮᠰᠢᠵᠦ᠂ ᠵᠠᠳᠠᠯᠤᠨ ᠰᠢᠨᠵᠢᠯᠡᠨ᠎ᠡ᠃    ᠭᠤᠷᠪᠠ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ᠂ ᠰᠦᠷᠳᠡᠭᠦᠯᠦᠯ ᠤᠨ ᠠᠵᠢᠯᠯᠠᠭ᠎ᠠ᠂ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢ ᠰᠡᠷᠭᠡᠶᠢᠯᠡᠬᠦ ᠪᠠ ᠲᠡᠭᠦᠨ ᠳᠤ ᠴᠣᠬᠢᠯᠲᠠ ᠥᠭᠬᠦ ᠬᠡᠷᠡᠭᠲᠡᠢ᠃    ᠳᠥᠷᠪᠡ᠂ ᠤᠯᠤᠰ ᠤᠨ ᠠᠮᠤᠷ ᠲᠦᠪᠰᠢᠨ ᠢ ᠬᠠᠮᠠᠭᠠᠯᠠᠵᠤ᠂ ᠨᠡᠶᠢᠭᠡᠮ ᠤᠨ ᠠᠮᠤᠷ ᠲᠦᠪᠰᠢᠨ ᠡᠮᠬᠢ ᠳᠢᠭᠯᠢᠮ ᠢ ᠬᠠᠮᠠᠭᠠᠯᠠᠨ᠂ ᠠᠷᠠᠳ ᠢᠷᠭᠡᠳ ᠤᠨ ᠪᠡᠶ᠎ᠡ ᠶᠢᠨ ᠠᠮᠤᠷ ᠲᠦᠪᠰᠢᠨ᠂ ᠬᠥᠮᠦᠨ ᠤ ᠪᠡᠶ᠎ᠡ ᠶᠢᠨ ᠡᠷᠬᠡ ᠴᠢᠯᠥᠭᠡ ᠪᠣᠯᠤᠨ ᠬᠠᠤᠯᠢ ᠶᠣᠰᠣᠨ ᠤ ᠡᠳ᠋ ᠬᠥᠷᠥᠩᠭᠡ ᠶᠢ ᠬᠠᠮᠠᠭᠠᠯᠠᠵᠤ᠂ ᠣᠯᠠᠨ ᠨᠡᠶᠢᠲᠡ ᠶᠢᠨ ᠡᠳ᠋ ᠬᠥᠷᠥᠩᠭᠡ ᠶᠢ ᠬᠠᠮᠠᠭᠠᠯᠠᠬᠤ ᠬᠡᠷᠡᠭᠲᠡᠶ᠃    ᠲᠠᠪᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠨ ᠬᠤᠷᠢᠭᠯᠠᠬᠤ ᠪᠠ ᠵᠠᠯᠬᠠᠭᠠᠨ ᠰᠢᠳᠬᠡᠵᠦ᠂ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠬᠡᠷᠡᠭᠲᠡᠶ᠃    ᠵᠢᠷᠭᠤᠭ᠎ᠠ᠂ ᠨᠡᠶᠢᠭᠡᠮ ᠤᠨ ᠠᠮᠤᠷ ᠢ ᠬᠠᠮᠠᠭᠠᠯᠠᠬᠤ ᠡᠮᠬᠢ ᠳᠢᠭᠯᠢᠮ ᠳᠤ ᠬᠥᠨᠥᠭᠡᠯ ᠪᠣᠯᠬᠤ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠡᠷᠦᠬᠡ ᠠᠮᠠ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠫᠤᠤ ᠵᠡᠪᠰᠡᠭ ᠰᠤᠮᠤ ᠳᠠᠷᠢ᠂ ᠠᠶᠤᠯ ᠲᠠᠢ ᠡᠳ᠋ ᠪᠣᠳᠠᠰ᠂ ᠣᠯᠠᠨ ᠨᠡᠶᠢᠲᠡ ᠶᠢᠨ ᠪᠤᠳᠤᠯᠢᠶᠠᠨᠲᠠᠶ ᠭᠠᠵᠠᠷ ᠲᠠᠯᠠᠪᠤᠷ ᠪᠣᠯᠤᠨ ᠣᠨᠴᠣᠭᠤᠶ ᠠᠵᠢᠯ ᠲᠥᠷᠥᠯ ᠢ ᠬᠠᠤᠯᠢ ᠶᠣᠰᠣᠭᠠᠷ ᠬᠠᠮᠢᠶᠠᠷᠬᠤ ᠬᠡᠷᠡᠭᠲᠡᠶ᠃    ᠳᠣᠯᠤᠭ᠎ᠠ᠂ ᠵᠠᠮ ᠬᠠᠷᠢᠯᠴᠠᠭᠠᠨ ᠤ ᠠᠮᠤᠷ ᠲᠦᠪᠰᠢᠨ ᠢ ᠬᠠᠤᠯᠢ ᠶᠣᠰᠣᠭᠠᠷ ᠬᠠᠮᠢᠶᠠᠷᠴᠤ᠂ ᠵᠠᠮ ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠬᠤ ᠵᠢᠴᠢ ᠮᠠᠰᠢᠨᠲᠤ ᠲᠡᠷᠭᠡᠨ ᠤ ᠵᠢᠯᠣᠭᠤᠴᠢ ᠶᠢᠨ ᠬᠠᠮᠢᠶᠠᠷᠤᠯᠲᠠ ᠶᠢᠨ ᠠᠵᠢᠯ ᠢ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠶ᠃    ᠳᠣᠲᠣᠭᠠᠳᠤ ᠪᠠᠶᠢᠭᠤᠯᠤᠮᠵᠢ᠄ ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠣᠲᠣᠭᠠᠳᠤ ᠪᠠᠶᠢᠭᠤᠯᠤᠮᠵᠢ ᠶᠢᠨ ᠬᠠᠷᠢᠶ᠎ᠠ ᠨᠢᠭᠤᠴᠠ ᠲᠠᠰ ᠤᠨ ᠤᠯᠤᠰ ᠤᠨ ᠨᠢᠭᠤᠴᠠ ᠶᠢ ᠦᠨᠳᠦᠰᠦᠯᠡᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ︾ ︵2019 ᠣᠨ ᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ 711 ᠳ᠋ᠦ᠋ᠭᠡᠷ ᠲᠣᠭᠠᠲᠤ ᠵᠠᠷᠯᠢᠭ︶ ᠤᠨ ᠲᠣᠭᠲᠠᠭᠠᠯ ᠢ ᠦᠨᠳᠦᠰᠦᠯᠡᠨ ᠢᠯᠡ ᠪᠣᠯᠭᠠᠬᠤ ᠥᠬᠡᠶ᠃    ᠬᠠᠶ᠋ᠢᠭ᠄ ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠯᠪᠠᠨ ᠠᠰᠠᠷ ᠤᠨ ᠬᠠᠷᠢᠯᠴᠠᠬᠤ ᠤᠲᠠᠰᠤ᠄ 0479 - 7229012    ᠠᠵᠢᠯᠯᠠᠬᠤ ᠴᠠᠭ᠄ ᠬᠠᠤᠯᠢ ᠪᠠᠷ ᠲᠣᠭᠲᠠᠭᠠᠭᠰᠠᠨ ᠠᠵᠢᠯ ᠤᠨ ᠡᠳᠦᠷ ᠤᠨ ᠦᠳᠡ ᠶᠢᠨ ᠡᠮᠦᠨ᠎ᠡ᠄ 8᠄ 30 - 12᠄ 00 ᠦᠳᠡ ᠶᠢᠨ ᠬᠤᠶᠢᠨᠠᠬᠢ 2᠄ 30 - 5᠄ 30    ᠬᠠᠷᠢᠭᠤᠴᠠᠯᠭᠠᠲᠠᠨ᠄ ᠵᠣᠣ ᠶᠦᠩ
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号