ᠰᠥᠨᠢᠳ ᠪᠠᠷᠠᠭᠤᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ
ᠨᠡᠶᠢᠲᠡᠯᠡᠭᠰᠡᠨ ᠴᠠᠭ᠄
2024/6/20
ᠪᠠᠶᠢᠭᠤᠯᠤᠮᠵᠢ ᠶᠢᠨ ᠡᠭᠦᠷᠭᠡ ᠴᠢᠳᠠᠪᠤᠷᠢ      ᠰᠥᠨᠢᠳ ᠪᠠᠷᠠᠭᠤᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠪᠣᠯ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠢᠭᠡᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠣᠯᠤᠨ᠎ᠠ᠂ ᠠᠷᠠᠳ ᠤᠨ ᠶᠠᠪᠤᠳᠠᠯ ᠤᠨ ᠠᠵᠢᠯ ᠤᠨ ᠦᠢᠯᠡᠳᠦᠯ ᠪᠣᠯ ᠨᠡᠢᠭᠡᠮ ᠤᠨ ᠲᠣᠭᠲᠠᠭᠤᠨ ᠪᠠᠢᠳᠠᠯ ᠢ ᠬᠠᠮᠠᠭᠠᠯᠠᠬᠤ ᠪᠠ ᠠᠷᠠᠳ ᠣᠯᠠᠨ ᠤ ᠦᠨᠳᠦᠰᠦᠨ ᠠᠮᠢᠳᠤᠷᠠᠯ ᠤᠨ ᠡᠷᠬᠡ ᠠᠰᠢᠭ ᠢ ᠪᠠᠲᠤᠯᠠᠬᠤ ᠶᠠᠪᠤᠳᠠᠯ ᠪᠣᠯᠤᠨ᠎ᠠ᠂ ᠡᠭᠦᠨ ᠳᠤ ᠨᠡᠢᠭᠡᠮ ᠤᠨ ᠬᠡᠰᠡᠭ ᠪᠠᠲᠤᠯᠠᠭ᠎ᠠ᠂ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠢᠭᠤᠯᠤᠯᠲᠠ ᠪᠠ ᠨᠡᠢᠭᠡᠮ ᠤᠨ ᠵᠠᠰᠠᠭ ᠵᠠᠬᠢᠷᠭᠠᠨ ᠤ ᠶᠠᠪᠤᠳᠠᠯ ᠤᠨ ᠬᠠᠮᠢᠶᠠᠷᠤᠯᠲᠠ ᠶᠢᠨ ᠠᠵᠢᠯ ᠪᠠᠭᠲᠠᠨ᠎ᠠ᠃ ᠪᠣᠳᠠᠲᠠᠶ ᠡᠭᠦᠷᠭᠡ ᠴᠢᠳᠠᠪᠤᠷᠢ ᠭᠡᠪᠡᠯ᠄      ︵ᠨᠢᠭᠡ︶ ᠤᠯᠤᠰ ᠤᠨ ᠠᠷᠠᠳ ᠤᠨ ᠶᠠᠪᠤᠳᠠᠯ ᠤᠨ ᠠᠵᠢᠯ ᠤᠨ ᠦᠨᠳᠦᠰᠦᠨ ᠴᠢᠭᠯᠡᠯᠲᠡ᠂ ᠲᠥᠷᠥ ᠶᠢᠨ ᠪᠣᠳᠣᠯᠭ᠎ᠠ᠂ ᠳᠦᠷᠢᠮ ᠲᠣᠭᠲᠠᠭᠠᠯ ᠪᠣᠯᠤᠨ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠠᠵᠢᠯ ᠤᠨ ᠬᠠᠤᠯᠢ ᠲᠣᠭᠲᠠᠭᠠᠯ᠂ ᠵᠢᠷᠤᠮᠵᠢᠯ ᠢ ᠲᠤᠤᠱᠯᠠᠭᠤᠯᠤᠨ ᠬᠡᠷᠡᠭᠵᠢᠭᠦᠯᠵᠦ᠂ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠬᠤᠶᠠᠷ︶ ᠪᠥᠬᠦ ᠬᠤᠰᠢᠭᠤᠨ ᠤ ᠴᠢᠨᠠᠷᠲᠠᠶ ᠨᠡᠶᠢᠭᠡᠮ ᠤᠨ ᠪᠦᠯᠬᠦᠮ ᠤᠨ ᠳᠠᠩᠰᠠᠯᠠᠯᠲᠠ ᠪᠠ ᠣᠨ ᠤ ᠪᠠᠶᠢᠴᠠᠭᠠᠯᠲᠠ ᠶᠢ ᠬᠠᠷᠢᠭᠤᠴᠠᠨ᠎ᠠ︔ ᠨᠡᠶᠢᠭᠡᠮ ᠤᠨ ᠪᠦᠯᠬᠦᠮ ᠤᠨ ᠠᠵᠢᠯᠯᠠᠭ᠎ᠠ ᠳᠤ ᠬᠢᠨᠠᠯᠲᠠ ᠲᠠᠯᠪᠢᠵᠤ᠂ ᠨᠡᠶᠢᠭᠡᠮ ᠤᠨ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠪᠠ ᠪᠦᠷᠢᠳᠬᠡᠭᠰᠡᠨ ᠥᠬᠡᠶ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃      ︵ᠭᠤᠷᠪᠠ︶ ᠬᠤᠰᠢᠭᠤᠨ ᠤ ᠰᠢᠭᠤᠳ ᠬᠠᠷᠢᠶ᠎ᠠ ᠨᠢᠭᠡᠴᠡ ᠶᠢᠨ ᠬᠠᠷᠢᠶ᠎ᠠ ᠪᠠ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠶᠢᠨ ᠳᠠᠩᠰᠠᠯᠠᠯ ᠪᠠ ᠣᠨ ᠤ ᠪᠠᠶᠢᠴᠠᠭᠠᠯᠲᠠ ᠶᠢ ᠬᠠᠷᠢᠭᠤᠴᠠᠨ᠎ᠠ︔ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠪᠣᠯᠤᠨ ᠳᠠᠩᠰᠠᠯᠠᠯ ᠦᠭᠡᠢ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠶᠢ ᠪᠠᠶᠢᠴᠠᠭᠠᠨ ᠰᠢᠢᠳᠪᠦᠷᠢᠯᠡᠨ᠎ᠡ᠃      ︵ᠲᠦᠷᠪᠡ︶ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ︔ ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠯ᠎ᠡ ᠲᠥᠷᠥᠯ ᠤᠨ ᠠᠰᠠᠷᠠᠨ ᠬᠠᠷᠠᠭᠠᠯᠵᠠᠬᠤ ᠡᠲᠡᠭᠡᠳ ᠤᠨ ᠬᠠᠷᠠᠭᠠᠯᠵᠠᠯ᠂ ᠠᠰᠠᠷᠠᠮᠵᠢ᠂ ᠨᠥᠬᠦᠪᠥᠷᠢ ᠶᠢᠨ ᠪᠠᠷᠢᠮᠵᠢᠶ᠎ᠠ ᠪᠠ ᠲᠥᠷᠥ ᠶᠢᠨ ᠪᠠᠶᠢᠭᠤᠯᠭ᠎ᠠ ᠶᠢᠨ ᠠᠵᠢᠯᠲᠠᠨ ᠤ ᠦᠬᠦᠯ ᠰᠢᠷᠬᠠᠲᠤᠯ ᠤᠨ ᠠᠰᠠᠷᠠᠮᠵᠢ ᠶᠢᠨ ᠪᠠᠷᠢᠮᠵᠢᠶ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ︔ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠪᠢᠰᠬᠠᠯ ᠤᠨ ᠦᠷᠡᠭᠳᠡᠭᠰᠡᠨ ᠪᠠᠭᠠᠲᠤᠷ᠂ ᠠᠯᠪᠠᠨ ᠶᠠᠪᠤᠳᠠᠯ ᠢᠶᠠᠷ ᠦᠬᠦᠯ ᠰᠢᠷᠬᠠᠲᠤᠭᠰᠠᠳ ᠢ ᠰᠠᠶᠢᠰᠢᠶᠠᠨ ᠬᠥᠬᠢᠭᠦᠯᠬᠦ ᠠᠷᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃      ︵ᠲᠠᠪᠤ︶ ᠴᠡᠷᠢᠭ ᠠᠴᠠ ᠬᠠᠯᠠᠭᠳᠠᠭᠰᠠᠨ ᠠᠯᠪᠠᠨ ᠵᠢᠷᠤᠮ ᠤᠨ ᠴᠡᠷᠢᠭ᠂ ᠴᠡᠷᠢᠭ ᠠᠴᠠ ᠬᠠᠯᠠᠭᠳᠠᠭᠰᠠᠨ ᠪᠠᠭ᠎ᠠ ᠳᠠᠷᠤᠭ᠎ᠠ᠂ ᠴᠡᠷᠢᠭ ᠠᠴᠠ ᠬᠠᠯᠠᠭᠳᠠᠭᠰᠠᠳ ᠪᠠᠭᠤᠭᠰᠠᠳ᠂ ᠣᠷᠣᠨ ᠨᠤᠲᠤᠭ ᠲᠤ ᠰᠢᠯᠵᠢᠭᠦᠯᠦᠨ ᠥᠭᠴᠦ ᠲᠥᠪᠬᠢᠨᠡᠭᠦᠯᠦᠭᠰᠡᠨ ᠴᠡᠷᠢᠭ ᠠᠩᠭᠢ ᠶᠢᠨ ᠠᠵᠢᠯ ᠠᠴᠠ ᠪᠠᠨ ᠠᠮᠠᠷᠠᠭᠰᠠᠨ ᠺᠠᠳ᠋ᠷ ᠪᠣᠯᠤᠨ ᠴᠡᠷᠢᠭ ᠬᠥᠮᠦᠨ ᠤ ᠴᠡᠷᠢᠭ ᠤᠨ ᠬᠠᠷᠢᠶ᠎ᠠ ᠦᠭᠡᠶ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠢ ᠲᠥᠪᠬᠢᠨᠡᠭᠦᠯᠬᠦ ᠲᠥᠯᠥᠪᠯᠡᠭᠡ ᠶᠢ ᠰᠤᠳᠤᠯᠤᠨ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ︔ ᠬᠤᠯᠪᠣᠭᠳᠠᠯ ᠪᠦᠬᠦᠢ ᠤᠯᠤᠰ ᠲᠥᠷᠥ ᠪᠣᠯᠤᠨ ᠠᠮᠢᠳᠤᠷᠠᠯ ᠤᠨ ᠣᠯᠭᠤᠮᠵᠢ ᠶᠢ ᠨᠠᠶᠢᠳᠠᠪᠤᠷᠢᠵᠢᠭᠤᠯᠬᠤ ᠬᠡᠷᠡᠭᠲᠡᠶ︔ ᠴᠡᠷᠢᠭ ᠠᠩᠭᠢ ᠶᠢᠨ ᠣᠷᠣᠨ ᠨᠤᠲᠤᠭ ᠲᠤ ᠰᠢᠯᠵᠢᠭᠦᠯᠦᠨ ᠥᠭᠴᠦ ᠲᠥᠪᠬᠢᠨᠡᠭᠦᠯᠦᠭᠰᠡᠨ ᠴᠡᠷᠢᠭ ᠬᠥᠮᠦᠨ ᠤ ᠠᠵᠢᠯ ᠠᠴᠠ ᠪᠠᠨ ᠠᠮᠠᠷᠠᠭᠰᠠᠨ ᠪᠠ ᠠᠵᠢᠯ ᠠᠴᠠ ᠪᠠᠨ ᠠᠮᠠᠷᠠᠭᠰᠠᠨ ᠺᠠᠳ᠋ᠷ ᠪᠣᠯᠤᠨ ᠴᠡᠷᠢᠭ ᠠᠩᠭᠢ ᠳᠤ ᠴᠡᠷᠢᠭ ᠤᠨ ᠬᠠᠷᠢᠶ᠎ᠠ ᠦᠭᠡᠶ ᠠᠵᠢᠯ ᠠᠴᠠ ᠪᠠᠨ ᠠᠮᠠᠷᠠᠭᠰᠠᠨ ᠪᠠ ᠠᠵᠢᠯ ᠠᠴᠠ ᠪᠠᠨ ᠪᠠᠭᠤᠭᠰᠠᠨ ᠺᠠᠳ᠋ᠷ᠂ ᠴᠡᠷᠢᠭ ᠠᠴᠠ ᠬᠠᠯᠠᠭᠳᠠᠭᠰᠠᠨ ᠺᠠᠳ᠋ᠷ ᠪᠣᠯᠤᠨ ᠣᠨᠴᠠ᠂ ᠨᠢᠭᠡᠳᠦᠭᠡᠷ ᠲᠠᠰ ᠤᠨ ᠵᠡᠮᠳᠡᠭ ᠴᠡᠷᠢᠭ ᠢ ᠬᠦᠯᠢᠶᠡᠨ ᠠᠪᠴᠤ ᠲᠥᠪᠬᠢᠨᠡᠭᠦᠯᠬᠦ ᠠᠵᠢᠯ ᠢ ᠬᠠᠷᠢᠭᠤᠴᠠᠬᠤ ᠬᠡᠷᠡᠭᠲᠡᠶ᠃      ︵ᠵᠢᠷᠭᠤᠭ᠎ᠠ︶ ᠭᠠᠮᠰᠢᠭ ᠠᠴᠠ ᠠᠪᠤᠷᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ︔ ᠳᠡᠭᠡᠳᠦ ᠱᠠᠲᠤᠨ ᠤ ᠭᠠᠮᠰᠢᠭ ᠠᠴᠠ ᠠᠪᠤᠷᠠᠬᠤ ᠪᠠ ᠨᠡᠶᠢᠭᠡᠮ ᠤᠨ ᠲᠡᠳᠬᠦᠮᠵᠢ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ ᠢ ᠲᠤᠭᠤᠰᠢᠯᠠᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠭᠠᠮᠰᠢᠭ ᠤᠨ ᠪᠠᠶᠢᠳᠠᠯ ᠢ ᠵᠣᠬᠢᠶᠠᠨ ᠪᠠᠶᠢᠭᠤᠯᠤᠨ ᠬᠢᠨᠠᠨ ᠪᠠᠶᠢᠴᠠᠭᠠᠵᠤ᠂ ᠭᠠᠮᠰᠢᠭ ᠠᠴᠠ ᠠᠪᠤᠷᠠᠬᠤ ᠵᠣᠭᠤᠰ ᠪᠠ ᠡᠳ᠋ ᠪᠣᠳᠠᠰ ᠢ ᠬᠠᠮᠢᠶᠠᠷᠤᠨ ᠬᠤᠪᠢᠶᠠᠷᠢᠯᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠯᠡᠨ᠎ᠡ︔ ᠭᠠᠮᠰᠢᠭ ᠠᠴᠠ ᠠᠪᠤᠷᠠᠬᠤ ᠪᠠ ᠪᠡᠯᠡᠭᠯᠡᠨ ᠬᠦᠷᠭᠡᠬᠦ ᠶᠢ ᠵᠣᠬᠢᠶᠠᠨ ᠪᠠᠶᠢᠭᠤᠯᠤᠨ᠎ᠠ︔ ᠭᠠᠮᠰᠢᠭᠳᠠᠭᠰᠠᠨ ᠣᠷᠣᠨ ᠤ ᠦᠢᠯᠡᠳᠪᠦᠷᠢᠯᠡᠯ ᠢᠶᠠᠷ ᠥᠪᠡᠷ ᠢ ᠪᠠᠨ ᠠᠪᠤᠷᠠᠬᠤ ᠶᠢ ᠵᠢᠯᠣᠭᠤᠳᠤᠨ᠎ᠠ᠃      ︵ᠳᠤᠯᠤᠭ᠎ᠠ︶ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠦᠷᠢᠮ ᠢ ᠪᠠᠶᠢᠭᠤᠯᠤᠨ ᠬᠡᠷᠡᠭᠵᠢᠭᠦᠯᠦᠨ᠎ᠡ ᠶᠠᠳᠠᠭᠤ ᠶᠢ ᠲᠡᠳᠬᠦᠨ ᠬᠦᠴᠢᠷᠳᠡᠯᠲᠡᠶ ᠶᠢ ᠲᠤᠰᠠᠯᠠᠬᠤ ᠵᠡᠷᠭᠡ ᠨᠡᠶᠢᠭᠡᠮ ᠤᠨ ᠬᠠᠷᠢᠯᠴᠠᠨ ᠬᠠᠪᠰᠤᠷᠤᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠ ᠵᠢᠯᠣᠭᠤᠳᠤᠨ᠎ᠠ᠃      ︵ᠨᠠᠢᠮᠠ︶ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠰᠠᠨᠠᠯ ᠪᠠ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠲᠣᠰᠬᠤᠨ ᠤ ᠠᠷᠠᠳ ᠤᠨ ᠵᠥᠪᠯᠡᠯ ᠤᠨ ᠠᠷᠠᠳᠴᠢᠯᠠᠯ ᠢᠶᠠᠷ ᠰᠣᠩᠭᠤᠬᠤ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ ᠬᠠᠮᠢᠶᠠᠷᠬᠤ ᠪᠠ ᠠᠷᠠᠳᠴᠢᠯᠠᠯ ᠢᠶᠠᠷ ᠬᠢᠨᠠᠯᠲᠠ ᠲᠠᠯᠪᠢᠬᠤ ᠠᠵᠢᠯ ᠢ ᠵᠢᠯᠣᠭᠤᠳᠤᠨ᠂ ᠲᠣᠰᠬᠤᠨ ᠤ ᠶᠠᠪᠤᠳᠠᠯ ᠢ ᠢᠯᠡ ᠪᠣᠯᠭᠠᠬᠤ ᠪᠠ ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ︔ ᠬᠤᠲᠠ ᠶᠢᠨ ᠰᠠᠭᠤᠭᠠᠯᠢ ᠠᠷᠠᠳ ᠤᠨ ᠵᠥᠪᠯᠡᠯ ᠤᠨ ᠪᠠᠶᠢᠭᠤᠯᠤᠯᠲᠠ ᠶᠢ ᠵᠢᠯᠣᠭᠤᠳᠴᠤ᠂ ᠨᠡᠶᠢᠭᠡᠮ ᠲᠣᠭᠤᠷᠢᠭ ᠤᠨ ᠠᠵᠢᠯ ᠵᠢᠴᠢ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠷᠭ᠎ᠠ ᠪᠣᠯᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ᠂ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠶ᠃      ︵ᠶᠢᠰᠦ︶ ᠤᠯᠤᠰ ᠤᠨ ᠤᠷᠤᠭ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠬᠤ ᠤᠷᠤᠭ ᠳᠠᠩᠰᠠᠯᠠᠬᠤ ᠬᠠᠮᠢᠶᠠᠷᠤᠯᠲᠠ ᠶᠢᠨ ᠠᠵᠢᠯ ᠢ ᠬᠠᠤᠯᠢ ᠶᠣᠰᠣᠭᠠᠷ ᠴᠢᠩᠭᠠᠳᠬᠠᠵᠤ᠂ ᠤᠷᠤᠭ ᠤᠨ ᠵᠠᠩᠰᠢᠯ ᠤᠨ ᠥᠭᠡᠷᠡᠴᠢᠯᠡᠯᠲᠡ ᠶᠢ ᠰᠠᠨᠠᠭᠠᠴᠢᠯᠠᠨ᠎ᠠ᠃      ︵ᠠᠷᠪᠠ︶ ᠵᠠᠰᠠᠭ ᠵᠠᠬᠢᠷᠭᠠᠨ ᠤ ᠣᠷᠣᠨ ᠪᠦᠰᠡ ᠶᠢ ᠪᠠᠶᠢᠭᠤᠯᠬᠤ᠂ ᠬᠠᠰᠤᠬᠤ᠂ ᠳᠣᠭᠢᠷᠠᠭᠤᠯᠬᠤ᠂ ᠬᠠᠯᠠᠬᠤ ᠪᠠ ᠵᠠᠭᠠᠭ ᠱᠤᠭᠤᠮ ᠢ ᠬᠤᠪᠢᠷᠠᠭᠤᠯᠬᠤ ᠶᠢ ᠬᠢᠨᠠᠨ ᠬᠠᠷᠭᠤᠭᠤᠯᠵᠤ ᠮᠡᠳᠡᠭᠦᠯᠦᠨ ᠵᠥᠪᠰᠢᠶᠡᠷᠡᠭᠦᠯᠬᠦ ᠶᠢ ᠬᠠᠷᠢᠭᠤᠴᠠᠨ᠎ᠠ︔ ᠰᠤᠮᠤ ᠪᠠᠯᠭᠠᠰᠤᠨ ᠤ ᠬᠢᠯᠢ ᠶᠢᠨ ᠮᠠᠷᠭᠤᠯᠳᠤᠭᠠᠨ ᠢ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠵᠤ᠂ ᠭᠠᠵᠠᠷ ᠤᠨ ᠨᠡᠷᠡᠶᠢᠳᠦᠯ ᠤᠨ ᠲᠡᠮᠳᠡᠭ ᠢ ᠪᠠᠶᠢᠷᠢᠯᠠᠭᠤᠯᠬᠤ ᠪᠠ ᠬᠠᠮᠢᠶᠠᠷᠬᠤ ᠶᠢ ᠬᠠᠷᠢᠭᠤᠴᠠᠨ᠎ᠠ᠃      ︵ᠠᠷᠪᠠᠨ ᠨᠢᠭᠡ︶ ᠨᠠᠰᠤᠲᠠᠶᠢᠴᠤᠳ᠂ ᠥᠨᠥᠴᠢᠨ ᠬᠡᠦᠬᠡᠳ᠂ ᠲᠠᠪᠤᠨ ᠪᠠᠲᠤᠯᠠᠭᠠᠲᠤ ᠡᠷᠦᠬᠡ ᠵᠡᠷᠭᠡ ᠣᠨᠴᠠᠭᠠᠶ ᠬᠦᠴᠢᠷᠳᠡᠯᠲᠡᠶ ᠬᠥᠮᠦᠰ ᠤᠨ ᠡᠷᠬᠡ ᠠᠰᠢᠭ ᠢ ᠬᠠᠮᠠᠭᠠᠯᠠᠬᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠡᠭᠦᠷᠭᠡᠯᠡᠵᠦ᠂ ᠨᠡᠶᠢᠭᠡᠮ ᠤᠨ ᠠᠰᠠᠷᠠᠮᠵᠢ ᠶᠢᠨ ᠦᠢᠯᠡᠰ ᠤᠨ ᠬᠤᠯᠪᠣᠭᠳᠠᠯ ᠪᠦᠬᠦᠢ ᠴᠢᠭᠯᠡᠯᠲᠡ᠂ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠲᠤᠤᠱᠯᠠᠭᠤᠯᠤᠨ᠎ᠠ︔ ᠨᠡᠶᠢᠭᠡᠮ ᠤᠨ ᠠᠰᠠᠷᠠᠮᠵᠢ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠨ᠎ᠠ︔ ᠣᠷᠣᠰᠢᠭᠤᠯᠭ᠎ᠠ ᠶᠢᠨ ᠠᠵᠢᠯ ᠤᠨ ᠲᠥᠷᠥ ᠶᠢᠨ ᠪᠣᠳᠣᠯᠭ᠎ᠠ ᠶᠢ ᠲᠤᠤᠱᠯᠠᠭᠤᠯᠵᠤ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠬᠡᠷᠡᠭᠵᠢᠭᠦᠯᠦᠨ᠎ᠡ︔ ︽ᠠᠰᠠᠷᠠᠨ ᠲᠡᠵᠢᠭᠡᠬᠦ ᠬᠠᠤᠯᠢ︾ ᠶᠢ ᠲᠤᠤᠱᠯᠠᠭᠤᠯᠤᠨ ᠬᠡᠷᠡᠭᠵᠢᠭᠦᠯᠦᠨ᠎ᠡ︔ ᠬᠤᠷᠢᠶᠠᠮᠵᠢᠯᠠᠨ ᠬᠦᠷᠭᠡᠬᠦ ᠠᠵᠢᠯ ᠢ ᠵᠢᠯᠣᠭᠤᠳᠤᠨ ᠵᠣᠬᠢᠴᠠᠭᠤᠯᠤᠨ᠎ᠠ᠃      ᠬᠤᠶᠠᠷ᠂ ᠳᠤᠳᠤᠭᠠᠳᠤ ᠶᠢᠨ ᠪᠠᠶᠢᠭᠤᠯᠤᠮᠵᠢ      ᠶᠡᠷᠦᠩᠬᠡᠶᠢᠯᠡᠭᠰᠡᠨ ᠠᠯᠪᠠᠨ ᠭᠡᠷ᠂ ᠨᠡᠶᠢᠭᠡᠮ ᠤᠨ ᠠᠪᠤᠷᠠᠨ ᠲᠤᠰᠠᠯᠠᠬᠤ ᠲᠠᠰᠤᠭ᠂ ᠨᠡᠶᠢᠭᠡᠮ ᠤᠨ ᠬᠡᠷᠡᠭ ᠶᠠᠪᠤᠳᠠᠯ ᠤᠨ ᠲᠠᠰᠤᠭ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠠᠰᠤᠭ᠂ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ᠂ ᠣᠷᠣᠨ ᠬᠤᠪᠢᠶᠠᠷᠢ ᠶᠢᠨ ᠭᠠᠵᠠᠷ ᠤᠨ ᠨᠡᠷ᠎ᠡ ᠶᠢᠨ ᠲᠠᠰᠤᠭ᠃      ᠬᠠᠶ᠋ᠢᠭ᠄ ᠰᠥᠨᠢᠳ ᠪᠠᠷᠠᠭᠤᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠠᠯᠪᠠᠨ ᠠᠰᠠᠷ      ᠬᠠᠷᠢᠯᠴᠠᠬᠤ ᠤᠲᠠᠰᠤ᠄ 0479 - 7222801      ᠠᠵᠢᠯᠯᠠᠬᠤ ᠴᠠᠭ᠄ ᠬᠠᠤᠯᠢ ᠪᠠᠷ ᠲᠣᠭᠲᠠᠭᠠᠭᠰᠠᠨ ᠠᠵᠢᠯ ᠤᠨ ᠡᠳᠦᠷ ᠤᠨ ᠦᠳᠡ ᠶᠢᠨ ᠡᠮᠦᠨ᠎ᠡ᠄ 8᠄ 30 - 12᠄ 00 ᠦᠳᠡ ᠶᠢᠨ ᠬᠤᠶᠢᠨᠠᠬᠢ 2᠄ 30 - 5᠄ 30      ᠬᠠᠷᠢᠭᠤᠴᠠᠯᠭᠠᠲᠠᠨ᠄ ᠴᠣᠭᠮᠠᠨᠳᠤᠯ᠎ᠠ
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号