ᠰᠢ ᠶᠢᠨ ᠫᠢᠩ ᠬᠥᠬᠡᠨᠠᠭᠤᠷ ᠲᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ ᠬᠥᠬᠡᠨᠠᠭᠤᠷ ᠲᠥᠪᠡᠳ ᠤᠨ ᠥᠨᠳᠦᠷᠯᠢᠭ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠵᠥ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠬᠥᠬᠡᠨᠠᠭᠤᠷ ᠤᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠳᠡᠢ
ᠨᠡᠶᠢᠲᠡᠯᠡᠭᠰᠡᠨ ᠴᠠᠭ᠄
2024/6/21
     ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠢᠢᠷ᠎ᠠ ᠳᠤ ᠬᠥᠬᠡᠨᠠᠭᠤᠷ ᠲᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ᠂ ᠬᠥᠬᠡᠨᠠᠭᠤᠷ ᠤᠨ ᠬᠢᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠥ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠦᠪ ᠣᠨᠣᠪᠴᠢᠲᠠᠶ ᠪᠦᠬᠦ ᠲᠠᠯ᠎ᠠ ᠪᠠᠷ ᠲᠤᠭᠤᠰᠢᠯᠠᠭᠤᠯᠵᠥ᠂ ᠪᠥᠬᠦ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠠᠬᠢ ᠬᠥᠬᠡᠨᠠᠭᠤᠷ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠥ᠂ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠨᠡᠭᠡᠭᠡᠯᠲᠡ ᠶᠢ ᠥᠷᠭᠡᠳᠭᠡᠬᠦ ᠶᠢ ᠪᠠᠷᠢᠮᠳᠠᠯᠠᠵᠦ᠂ ᠠᠮᠢ ᠠᠬᠤᠶ ᠶᠢ ᠤᠷᠢᠳ ᠢᠶᠠᠷ ᠪᠤᠳᠤᠯᠬᠢᠯᠠᠵᠦ ᠪᠣᠬᠢᠷᠲᠤᠯ ᠦᠭᠡᠢ ᠪᠠᠷ ᠬᠥᠭᠵᠢᠬᠦᠯᠬᠦ ᠶᠢ ᠪᠠᠷᠢᠮᠳᠠᠯᠠᠵᠥ᠂ ᠦᠨᠳᠦᠰᠦᠲᠡᠨ ᠤ ᠪᠦᠯᠬᠦᠮᠳᠡᠯ᠂ ᠬᠠᠮᠲᠤ ᠪᠠᠷ ᠪᠠᠶᠠᠵᠢᠬᠤ ᠶᠢ ᠪᠠᠷᠢᠮᠳᠠᠯᠠᠵᠥ᠂ ᠬᠥᠬᠡᠨᠠᠭᠤᠷ ᠲᠥᠪᠡᠳ ᠤᠨ ᠥᠨᠳᠦᠷᠯᠢᠭ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠠᠯ᠎ᠠ ᠪᠠᠷ ᠨᠠᠩ ᠶᠡᠭᠡ ᠠᠬᠢᠯᠲᠠ ᠲᠠᠢ ᠪᠣᠯᠵᠥ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠬᠥᠬᠡᠨᠠᠭᠤᠷ ᠤᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠳᠡᠢ ᠬᠡᠵᠥ ᠴᠢᠬᠤᠯᠠᠴᠢᠯᠠᠪᠠ᠃
     6 ᠰᠠᠷ᠎ᠠ ᠶᠢᠨ 18 ᠠᠴᠠ 19 ᠤ ᠡᠳᠦᠷ ᠪᠣᠯᠲᠠᠯ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠥᠬᠡᠨᠠᠭᠤᠷ ᠲᠤ ᠰᠢᠨᠵᠢᠯᠡᠨ ᠪᠠᠶᠢᠴᠠᠭᠠᠪᠠ᠃ ᠵᠢᠷᠤᠬ ᠪᠤᠯ 18 ᠤ ᠦᠳᠡ ᠶᠢᠨ ᠬᠤᠶᠢᠨ᠎ᠠ᠂ ᠰᠢ ᠶᠢᠨ ᠫᠢᠩ ᠭᠤᠯᠤᠭ ᠰᠢᠨᠢᠩ ᠤᠨ ᠦᠨᠳᠦᠰᠦᠲᠡᠨ ᠤ ᠳᠤᠮᠳᠠᠳᠤ ᠰᠤᠷᠭᠠᠭᠤᠯᠢ ᠳᠤ ᠰᠢᠨᠵᠢᠯᠡᠨ ᠪᠠᠶᠢᠴᠠᠭᠠᠬᠤ ᠳᠠᠭᠠᠨ ᠪᠠᠭᠰᠢ ᠰᠤᠷᠤᠬᠴᠢᠳ ᠲᠠᠢ ᠲᠤᠳᠤᠨᠤ ᠪᠠᠷ ᠶᠠᠷᠢᠯᠴᠠᠵᠦ ᠪᠠᠶᠢᠭ᠎ᠠ ᠨᠢ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠬᠦᠳᠡᠷᠯᠡᠪᠡ
     6 ᠰᠠᠷ᠎ᠠ ᠶᠢᠨ 18 ᠠᠴᠠ 19 ᠤ ᠡᠳᠦᠷ ᠪᠣᠯᠲᠠᠯ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠥᠬᠡᠨᠠᠭᠤᠷ ᠲᠤ ᠰᠢᠨᠵᠢᠯᠡᠨ ᠪᠠᠶᠢᠴᠠᠭᠠᠪᠠ᠃ ᠵᠢᠷᠤᠬ ᠪᠤᠯ 18 ᠤ ᠦᠳᠡ ᠶᠢᠨ ᠬᠤᠶᠢᠨ᠎ᠠ᠂ ᠰᠢ ᠶᠢᠨ ᠫᠢᠩ ᠰᠢᠨᠢᠩ ᠬᠤᠳᠠ ᠶᠢᠨ ᠴᠧᠩ ᠵᠦᠩ ᠲᠣᠭᠤᠷᠢᠭ ᠲᠤ ᠪᠠᠶᠢᠷᠢᠯᠠᠵᠦ ᠪᠠᠶᠢᠭ᠎ᠠ ᠮᠠᠰᠢᠳᠠ ᠰᠡᠭᠡᠭᠡᠷᠡᠬᠦᠯᠦᠭᠴᠢ ᠭᠡᠶᠢᠳ ᠲᠤ ᠰᠢᠨᠵᠢᠯᠡᠨ ᠪᠠᠶᠢᠴᠠᠭᠠᠵᠦ ᠪᠠᠶᠢᠭ᠎ᠠ ᠨᠢ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠬᠦᠳᠡᠷᠯᠡᠪᠡ      6 ᠰᠠᠷ᠎ᠠ ᠶᠢᠨ 18 ᠠᠴᠠ 19 ᠤ ᠡᠳᠦᠷ ᠪᠣᠯᠲᠠᠯ᠎ᠠ᠂ ᠰᠢ ᠶᠢᠨ ᠫᠢᠩ ᠬᠥᠬᠡᠨᠠᠭᠤᠷ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠴᠧᠨ ᠭᠠᠩ ᠪᠣᠯᠤᠨ ᠮᠤᠵᠢ ᠶᠢᠨ ᠳᠠᠷᠤᠭ᠎ᠠ ᠦ᠋ ᠰᠢᠶᠤᠤ ᠵᠢᠶᠦ᠋ᠨ ᠤ ᠪᠠᠷ᠎ᠠ ᠪᠣᠯᠣᠯᠭ᠎ᠠ ᠲᠠᠢ ᠪᠠᠷ ᠰᠢᠨᠢᠩ ᠬᠤᠲᠠ ᠶᠢᠨ ᠰᠤᠷᠭᠠᠭᠤᠯᠢ᠂ ᠱᠠᠰᠢᠨ ᠰᠤᠷᠲᠠᠬᠤᠨ ᠤ ᠲᠠᠯᠠᠪᠤᠷ ᠭᠠᠵᠠᠷ ᠲᠤ ᠭᠦᠨᠵᠡᠭᠡᠶᠢᠷᠡᠨ ᠪᠠᠶᠢᠴᠠᠭᠠᠨ ᠰᠤᠳᠤᠯᠪᠠ᠃      18 ᠤ ᠦᠳᠡ ᠶᠢᠨ ᠬᠤᠶᠢᠨ᠎ᠠ᠂ ᠰᠢ ᠶᠢᠨ ᠫᠢᠩ ᠡᠩ ᠲᠡᠷᠢᠭᠦᠨ ᠳᠤ ᠭᠤᠯᠤᠭ ᠰᠢᠨᠢᠩ ᠤᠨ ᠦᠨᠳᠦᠰᠦᠲᠡᠨ ᠤ ᠳᠤᠮᠳᠠᠳᠤ ᠰᠤᠷᠭᠠᠭᠤᠯᠢ ᠳᠤ ᠬᠦᠷᠴᠦ ᠰᠢᠨᠵᠢᠯᠡᠨ ᠪᠠᠶᠢᠴᠠᠭᠠᠪᠠ᠃ ᠡᠨᠡ ᠪᠣᠯ ᠭᠤᠯᠤᠭ ᠲᠥᠪᠡᠳ ᠦᠨᠳᠦᠰᠦᠲᠡᠨ ᠤ ᠥᠪᠡᠷᠲᠡᠭᠡᠨ ᠵᠠᠰᠠᠬᠤ ᠵᠧᠦ ᠳᠤ ᠬᠠᠷᠢᠶᠠᠯᠠᠭᠳᠠᠬᠤ ᠪᠠᠶᠢᠷᠢ ᠳᠤ ᠰᠠᠭᠤᠬᠤ ᠳᠦᠷᠢᠮᠲᠦ ᠳᠤᠮᠳᠠᠳᠤ ᠰᠤᠷᠭᠠᠭᠤᠯᠢ ᠪᠠᠶᠢᠵᠤ᠂ ᠱᠠᠩᠬᠠᠢ ᠬᠤᠲᠠ ᠠᠴᠠ ᠪᠡᠯᠡ ᠣᠷᠣᠭᠤᠯᠤᠨ ᠲᠤᠰᠠᠯᠠᠨ ᠪᠠᠶᠢᠭᠤᠯᠪᠠ᠃ ᠰᠢ ᠶᠢᠨ ᠫᠢᠩ ᠱᠠᠩᠬᠠᠶ ᠵᠡᠷᠭᠡ ᠵᠡᠭᠦᠨ ᠬᠡᠰᠡᠭ ᠤᠨ ᠭᠠᠵᠠᠷ ᠣᠷᠣᠨ ᠤ ᠬᠥᠬᠡᠨᠠᠭᠤᠷ ᠤᠨ ᠰᠤᠷᠭᠠᠨ ᠬᠥᠮᠦᠵᠢᠯ ᠤᠨ ᠠᠵᠢᠯ ᠪᠠ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢ ᠳᠤᠰᠠᠯᠠᠬᠰᠠᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠰᠤᠷᠤᠭᠴᠢᠳ ᠤᠨ ᠪᠦᠷᠢᠯᠳᠦᠴᠡ᠂ ᠬᠢᠴᠢᠶᠡᠯ ᠤᠨ ᠲᠣᠬᠢᠷᠠᠭᠤᠯᠤᠯᠲᠠ᠂ ᠪᠡᠶ᠎ᠡ ᠶᠢᠨ ᠲᠠᠮᠢᠷ ᠤᠨ ᠪᠣᠯᠪᠠᠰᠤᠷᠠᠯ᠂ ᠨᠡᠶᠢᠲᠡᠯᠢᠭ ᠬᠡᠯᠡᠨ ᠤ ᠲᠦᠪᠰᠢᠨ ᠵᠡᠷᠭᠡ ᠪᠠᠶᠢᠳᠠᠯ ᠢ ᠨᠠᠷᠢᠯᠢᠬ ᠠᠰᠠᠭᠤᠵᠤ᠂ ᠬᠤᠭᠤᠯᠠᠨ ᠬᠡᠷ᠂ ᠪᠠᠶᠢᠷᠢ ᠶᠢᠨ ᠠᠰᠠᠷ ᠲᠤ ᠣᠷᠣᠵᠤ ᠰᠤᠷᠤᠭᠴᠢᠳ ᠤᠨ ᠬᠤᠭᠤᠯᠠ ᠢᠳᠡᠬᠦ ᠪᠠ ᠬᠤᠨᠣᠬᠤ ᠨᠥᠬᠦᠴᠡᠯ ᠢ ᠪᠠᠶᠢᠴᠠᠭᠠᠨ ᠦᠵᠡᠵᠦ᠂ ᠬᠤᠭᠤᠯᠠᠨ ᠬᠡᠷ ᠤᠨ ᠠᠵᠢᠯᠲᠠᠳ ᠲᠤ ᠡᠷᠬᠡᠪᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ᠂ ᠰᠢᠮ᠎ᠡ ᠲᠡᠵᠢᠭᠡᠯ ᠲᠠᠢ ᠠᠮᠲᠠᠲᠠᠶ ᠪᠠᠶᠢᠬᠤ ᠶᠢ ᠪᠠᠲᠤᠯᠠᠬᠤ ᠬᠡᠷᠡᠭᠲᠡᠶ ᠭᠡᠵᠦ ᠵᠠᠬᠢᠪᠠ᠃ ᠲᠠᠷᠠᠭ᠎ᠠ ᠨᠢ᠂ ᠲᠡᠷᠡ ᠥᠨᠳᠥᠷ ᠳᠤᠮᠳᠠᠳᠤ ᠶᠢᠨ ᠨᠢᠭᠡᠳᠦᠭᠡᠷ ᠣᠨ ᠤ ︵1︶ ᠠᠩᠭᠢ ᠶᠢᠨ ᠬᠢᠴᠢᠶᠡᠯ ᠤᠨ ᠭᠡᠷ ᠲᠤ ᠬᠦᠷᠴᠦ᠂ ︽ᠰᠢᠨ᠎ᠡ ᠴᠠᠭ ᠦᠶ᠎ᠡ᠂ ᠰᠢᠨ᠎ᠡ ᠨᠤᠲᠤᠭ ᠤᠰᠤ︾ ᠭᠡᠬᠦ ᠭᠤᠣᠯ ᠰᠡᠳᠦᠪᠲᠦ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠢ ᠲᠣᠭᠤᠷᠢᠨ ᠦᠵᠡᠪᠡ᠃ ᠰᠤᠷᠭᠠᠭᠤᠯᠢ ᠶᠢᠨ ᠬᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠠᠭᠤᠯᠭ᠎ᠠ ᠶᠢ ᠡᠳᠦᠷ ᠳᠤᠳᠤᠮ ᠤᠨ ᠵᠢᠭᠠᠨ ᠰᠤᠷᠭᠠᠯᠲᠠ ᠳᠠᠭᠠᠨ ᠠᠭᠤᠰᠤᠯᠴᠠᠭᠤᠯᠵᠦ᠂ ᠬᠡᠦᠬᠡᠳ ᠤᠳ ᠤᠨ ᠰᠢᠨ᠎ᠡ ᠴᠠᠭ ᠦᠶ᠎ᠡ ᠶᠢᠨ ᠨᠤᠲᠤᠭ ᠤᠰᠤᠨ ᠤ ᠪᠠᠨ ᠪᠠᠶᠠᠷᠯᠠᠭᠤᠰᠢᠲᠠᠢ ᠬᠤᠪᠢᠷᠠᠯᠲᠠ ᠶᠢ ᠶᠠᠷᠢᠬᠤ ᠶᠢ ᠰᠣᠨᠣᠰᠴᠤ᠂ ᠬᠡᠦᠬᠡᠳ ᠤᠳ ᠤᠨ ᠵᠢᠷᠤᠭ ᠪᠦᠲᠦᠭᠡᠯ ᠢ ᠦᠵᠡᠭᠡᠳ ᠰᠢ ᠶᠢᠨ ᠫᠢᠩ ᠮᠠᠰᠢ ᠪᠠᠶᠠᠷᠯᠠᠪᠠ᠃ ᠲᠡᠷᠡ᠂ ᠰᠤᠷᠭᠠᠨ ᠬᠥᠮᠦᠵᠢᠯ ᠢ ᠪᠠᠭᠲᠠᠭᠠᠭᠰᠠᠨ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠪᠣᠯᠤᠨ ᠠᠵᠢᠯ ᠲᠦᠷᠦᠯ ᠢᠶᠠᠷ ᠢᠶᠠᠨ ᠲᠤᠰᠠᠯᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠣᠯᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ ᠢ ᠭᠦᠢᠴᠡᠳ ᠢᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠶᠢᠨ ᠬᠠᠶᠢᠷ᠎ᠠ ᠬᠠᠯᠠᠮᠵᠢ ᠶᠢ ᠭᠦᠢᠴᠡᠳ ᠢᠯᠡᠷᠡᠭᠦᠯᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠨᠢᠭᠡᠨ ᠭᠤᠣᠯᠳᠠᠯᠭ᠎ᠠ ᠪᠣᠯᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠯᠢᠭᠡᠷ ᠢ ᠰᠠᠶᠢᠲᠤᠷ ᠶᠠᠷᠢᠵᠤ᠂ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠬᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠤᠭᠰᠠᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠢ ᠰᠠᠶᠢᠲᠤᠷ ᠶᠠᠷᠢᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠭ᠎ᠠ ᠨᠠᠰᠤᠨ ᠠᠴᠠ ᠨᠢ ᠬᠡᠦᠬᠡᠳ ᠤᠨ ᠰᠡᠳᠭᠢᠯ ᠳᠤ ᠬᠠᠳᠠᠩᠰᠢᠭᠤᠯᠬᠤ ᠬᠡᠷᠡᠭᠲᠡᠢ ᠬᠡᠪᠡ᠃      ᠵᠢᠭᠠᠨ ᠰᠤᠷᠭᠠᠬᠤ ᠠᠰᠠᠷ ᠤᠨ ᠡᠮᠦᠨᠡᠬᠢ ᠠᠭᠤᠳᠠᠮ ᠲᠠᠯᠠᠪᠠᠢ ᠳᠤ᠂ ᠪᠠᠭᠰᠢ ᠰᠤᠷᠤᠭᠴᠢᠳ ᠬᠤᠶᠢᠨ᠎ᠠ ᠬᠤᠶᠢᠨ᠎ᠠ ᠠᠴᠠ ᠪᠠᠨ ᠬᠦᠷᠢᠶᠡᠯᠡᠨ ᠢᠷᠡᠵᠦ᠂ ᠥᠨᠳᠥᠷ ᠳᠠᠭᠤᠨ ᠢᠶᠠᠷ ᠶᠡᠷᠦᠩᠬᠡᠢ ᠱᠦᠵᠢ ᠶᠢᠨ ᠠᠮᠤᠷ ᠢ ᠠᠰᠠᠭᠤᠪᠠ᠃ ᠰᠢ ᠶᠢᠨ ᠫᠢᠩ ᠤᠯᠠᠨ ᠳᠤ᠂ ᠪᠢ ᠰᠢᠨᠢᠩ ᠳᠤ ᠬᠦᠷᠴᠤ ᠢᠷᠡᠭᠰᠡᠨ ᠤ ᠲᠠᠷᠠᠭ᠎ᠠ ᠡᠩ ᠲᠡᠷᠢᠭᠦᠨ ᠳᠤ ᠪᠠᠭᠰᠢ ᠪᠣᠯᠤᠨ ᠰᠤᠷᠤᠭᠴᠢᠳ ᠢ ᠡᠷᠭᠢᠵᠦ ᠦᠵᠡᠬᠦ ᠪᠠᠷ ᠢᠷᠡᠯ᠎ᠡ᠃ ᠱᠠᠩᠬᠠᠶ ᠠᠴᠠ ᠲᠤᠰᠠᠯᠠᠨ ᠪᠦᠳᠦᠭᠡᠨ ᠪᠠᠶᠢᠭᠤᠯᠤᠭᠰᠠᠨ ᠡᠨᠡ ᠬᠦ ᠳᠤᠮᠳᠠᠳᠤ ᠰᠤᠷᠭᠠᠭᠤᠯᠢ ᠭᠤᠯᠤᠭ ᠤᠨ ᠮᠠᠯᠵᠢᠬᠤ ᠣᠷᠣᠨ ᠠᠴᠠ ᠢᠷᠡᠭᠰᠡᠨ ᠡᠯ᠎ᠡ ᠦᠨᠳᠦᠰᠦᠲᠡᠨ ᠤ ᠬᠡᠦᠬᠡᠳ ᠢ ᠬᠥᠮᠦᠵᠢᠭᠦᠯᠤᠭᠡᠳ ᠢᠯᠡᠳᠲᠡ ᠦᠷ᠎ᠡ ᠪᠦᠲᠦᠮᠵᠢ ᠣᠯᠵᠤ᠂ ᠠᠯᠤᠰ ᠬᠡᠲᠦ ᠶᠢᠨ ᠠᠴᠢ ᠬᠤᠯᠪᠣᠭᠳᠠᠯ ᠲᠠᠢ ᠶᠤᠮ᠃ ᠬᠡᠦᠬᠡᠳ ᠤᠳ ᠠᠳᠡᠬᠢ ᠰᠠᠶᠢᠨ ᠰᠠᠶᠢᠬᠠᠨ ᠨᠥᠬᠦᠴᠡᠯ ᠢ ᠨᠡᠩ ᠨᠠᠨᠳᠢᠩᠨᠠᠵᠤ᠂ ᠠᠴᠢ ᠡᠨᠡᠷᠢᠯ ᠳᠤ ᠲᠠᠯᠠᠷᠬᠠᠵᠤ᠂ ᠰᠠᠶᠢᠲᠤᠷ ᠰᠤᠷᠤᠯᠴᠠᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ ᠵᠠᠯᠭᠠᠮᠵᠢᠯᠠᠭᠴᠢ ᠪᠠ ᠪᠦᠳᠦᠭᠡᠨ ᠪᠠᠶᠢᠭᠤᠯᠤᠭᠴᠢ ᠪᠣᠯᠬᠤ ᠪᠠᠷ ᠵᠣᠷᠢᠭ ᠰᠢᠭᠤᠳᠴᠤ᠂ ᠥᠪᠡᠷ ᠤᠨ ᠠᠮᠢᠳᠤᠷᠠᠯ ᠳᠠᠭᠠᠨ ᠭᠡᠷᠡᠯ ᠭᠢᠯᠪᠠᠭ᠎ᠠ ᠪᠠᠨ ᠰᠠᠴᠤᠷᠠᠭᠤᠯᠬᠤ ᠠᠵᠠ ᠲᠣᠬᠢᠶᠠᠯ ᠤᠯᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ ᠭᠡᠵᠤ ᠲᠤᠳᠤᠨᠤ ᠪᠠᠷ ᠬᠡᠯᠡᠪᠡ᠃ ᠲᠡᠷᠡ ᠬᠡᠦᠬᠡᠳ ᠤᠳ ᠤᠨ ᠰᠤᠷᠤᠯᠭ᠎ᠠ ᠶᠢᠨ ᠦᠨᠳᠤᠷ ᠠᠮᠵᠢᠯᠳᠠ᠂ ᠡᠷᠡᠭᠦᠯ ᠴᠢᠭᠢᠷᠠᠭ ᠢᠶᠠᠷ ᠥᠰᠦᠨ ᠪᠤᠶᠢᠵᠢᠬᠤ ᠶᠢ ᠬᠦᠰᠡᠨ ᠵᠦᠡᠭᠨᠡᠪᠡ᠃   ᠲᠠᠷᠠᠭ᠎ᠠ ᠨᠢ᠂ ᠰᠢ ᠶᠢᠨ ᠫᠢᠩ ᠰᠢᠨᠢᠩ ᠬᠤᠳᠠ ᠶᠢᠨ ᠴᠧᠩ ᠵᠦᠩ ᠲᠣᠭᠤᠷᠢᠭ ᠤᠨ ᠮᠠᠰᠢᠳᠠ ᠰᠡᠭᠡᠭᠡᠷᠡᠬᠦᠯᠦᠭᠴᠢ ᠭᠡᠶᠢᠳ ᠲᠤ ᠬᠦᠷᠪᠡ᠃ ᠭᠡᠶᠢᠳ ᠤᠨ ᠡᠮᠤᠨᠡᠬᠢ ᠬᠦᠷᠢᠶᠠᠨ ᠳᠤ᠂ ᠮᠠᠰᠢᠳᠠ ᠰᠡᠭᠡᠭᠡᠷᠡᠬᠦᠯᠦᠭᠴᠢ ᠬᠡᠶᠢᠳ ᠤᠨ ᠠᠷᠠᠳᠴᠢᠯᠠᠭᠰᠠᠨ ᠬᠠᠮᠢᠶᠠᠷᠤᠯᠲᠠ ᠶᠢᠨ ᠵᠦᠪᠯᠡᠯ ᠤᠨ ᠬᠠᠷᠢᠭᠤᠴᠠᠯᠭᠠᠲᠠᠨ ᠠᠴᠠ ᠶᠡᠷᠦᠩᠬᠡᠢ ᠱᠦᠵᠢ ᠳᠤ ᠬᠠᠳᠠᠭ ᠪᠠᠷᠢᠵᠦ᠂ ᠯᠠᠮᠠ ᠬᠤᠸᠠᠷᠠᠭ ᠬᠦᠯᠢᠰ ᠡᠷᠬᠦᠵᠦ᠂ ᠡᠷᠳᠡᠨᠢ ᠰᠢᠬᠦᠷ ᠪᠠᠷᠢᠵᠤ ᠶᠡᠷᠦᠩᠬᠡᠢ ᠱᠦᠵᠢ ᠶᠢ ᠤᠭᠲᠤᠪᠠ᠃ ᠰᠢ ᠶᠢᠨ ᠫᠢᠩ ᠬᠥᠬᠡᠨᠠᠭᠤᠷ ᠮᠤᠵᠢ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠤᠨ ᠰᠠᠭᠤᠷᠢᠨ ᠤ ᠳᠡᠯᠭᠡᠨ ᠦᠵᠡᠭᠦᠯᠭᠡ ᠵᠡᠷᠭᠡ ᠶᠢ ᠲᠣᠭᠤᠷᠢᠨ ᠦᠵᠡᠵᠦ᠂ ᠰᠦᠮ᠎ᠡ ᠬᠡᠶᠢᠳ ᠤᠨ ᠲᠡᠦᠬᠡ ᠶᠢᠨ ᠤᠯᠠᠷᠢᠯ ᠬᠤᠪᠢᠰᠤᠯ᠂ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠦᠨᠳᠦᠰᠦᠲᠡᠨ ᠤ ᠠᠵᠢᠯ ᠪᠣᠯᠤᠨ ᠱᠠᠰᠢᠨ ᠰᠤᠷᠲᠠᠬᠤᠨ ᠤ ᠠᠵᠢᠯ ᠢ ᠬᠠᠯᠠᠮᠵᠢᠯᠠᠨ ᠠᠬᠢᠭᠤᠯᠤᠭᠰᠠᠨ ᠪᠠᠶᠢᠳᠠᠯ ᠢ ᠣᠶᠢᠯᠠᠭᠠᠪᠠ᠃ ᠲᠡᠷᠡ ᠶᠡᠭᠡ ᠳᠤᠭᠠᠩ ᠳᠤ ᠤᠷᠤᠵᠦ᠂ ᠰᠦᠮ᠎ᠡ ᠬᠡᠶᠢᠳ ᠤᠨ ᠡᠳᠦᠷ ᠲᠤᠳᠤᠮ ᠤᠨ ᠬᠠᠮᠢᠶᠠᠷᠤᠯᠳᠠ ᠪᠠᠨ ᠴᠢᠩᠭᠠᠳᠬᠠᠵᠦ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠤᠭᠰᠠᠨ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠤᠨᠤᠰᠪᠠ᠃ ᠰᠢ ᠶᠢᠨ ᠫᠢᠩ᠂ ᠮᠠᠰᠢᠳᠠ ᠰᠡᠭᠡᠭᠡᠷᠡᠬᠦᠯᠦᠭᠴᠢ ᠭᠡᠶᠢᠳ ᠡᠨᠡ ᠬᠦ ᠮᠢᠩᠭᠠᠨ ᠤᠨ ᠤ ᠡᠷᠳᠡᠨ ᠤ ᠰᠦᠮ᠎ᠠ ᠨᠢ ᠤᠯᠠᠨ ᠦᠶ᠎ᠠ ᠶᠢᠨ ᠲᠦᠪ ᠤᠨ ᠵᠠᠰᠠᠭ ᠤᠨ ᠤᠷᠳᠤᠨ ᠪᠤᠯᠤᠨ ᠳᠦᠪᠡᠳ ᠤᠨ ᠪᠤᠳ᠋ᠳ᠋ᠾᠠ ᠶᠢᠨ ᠱᠠᠰᠢᠨ ᠤ ᠬᠠᠷᠢᠯᠴᠠᠭ᠎ᠠ ᠶᠢ ᠨᠡᠮᠡᠭᠳᠡᠬᠦᠯᠬᠦ ᠳᠡᠯ᠎ᠡ ᠪᠠᠷ ᠴᠢᠬᠤᠯᠠ ᠬᠦᠬᠦᠷᠭᠡ ᠬᠤᠯᠪᠤᠭᠠᠰᠤ ᠶᠢᠨ ᠦᠢᠯᠡᠳᠦᠯ ᠦᠵᠡᠬᠦᠯᠵᠠᠢ᠃ ᠡᠨᠡ ᠬᠦ ᠬᠤᠪᠣᠷ ᠨᠠᠨᠳᠢᠨ ᠲᠡᠦᠬᠡ ᠰᠣᠶᠣᠯ ᠤᠨ ᠥᠪ ᠢ ᠰᠠᠶᠢᠲᠤᠷ ᠬᠠᠮᠠᠭᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ᠃ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠠᠴᠠ ᠰᠤᠷᠤᠯᠴᠠᠵᠤ᠂ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ᠂ ᠦᠨᠳᠦᠰᠦᠲᠡᠨ ᠤ ᠠᠵᠢᠯ᠂ ᠱᠠᠰᠢᠨ ᠰᠤᠷᠲᠠᠬᠤᠨ ᠤ ᠠᠵᠢᠯ ᠢ ᠨᠡᠩ ᠰᠠᠶᠢᠲᠤᠷ ᠬᠢᠬᠦ ᠬᠡᠷᠡᠭᠲᠡᠢ ᠭᠡᠵᠤ ᠵᠢᠭᠠᠵᠤ ᠭᠠᠷᠭᠠᠪᠠ᠃ ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠥᠲᠥᠭᠡᠨ ᠪᠠᠶᠢᠭᠤᠯᠤᠯᠲᠠ᠂ ᠦᠨᠳᠦᠰᠦᠲᠡᠨ ᠤ ᠰᠡᠷᠬᠦᠨ ᠮᠠᠨᠳᠤᠯᠳᠠ ᠶᠢᠨ ᠠᠭᠤᠤ ᠦᠢᠯᠡᠰ ᠢ ᠪᠥᠬᠦ ᠲᠠᠯ᠎ᠠ ᠪᠠᠷ ᠠᠬᠢᠭᠤᠯᠬᠤ ᠳᠤ ᠥᠷᠭᠡᠨ ᠣᠯᠠᠨ ᠰᠦᠰᠦᠭᠳᠡᠨ ᠣᠯᠠᠨ ᠲᠦᠮᠡᠨ ᠢ ᠪᠠᠭᠲᠠᠭᠠᠭᠰᠠᠨ ᠪᠥᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠬᠦ ᠶᠢ ᠱᠠᠭᠠᠷᠳᠠᠵᠤ ᠪᠠᠶᠢᠨ᠎ᠠ᠃ ᠬᠥᠬᠡᠨᠠᠭᠤᠷ ᠤᠨ ᠲᠥᠪᠡᠳ ᠤᠨ ᠪᠤᠳ᠋ᠳ᠋ᠾᠠ ᠶᠢᠨ ᠱᠠᠰᠢᠨ ᠤ ᠡᠲᠡᠭᠡᠳ ᠤᠨ ᠬᠢᠨ ᠤᠯᠤᠰ ᠢᠶᠠᠨ ᠬᠠᠶᠢᠷᠠᠯᠠᠵᠤ ᠱᠠᠰᠢᠨ ᠢᠶᠠᠨ ᠬᠠᠶᠢᠷᠠᠯᠠᠬᠤ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠱᠠᠰᠢᠨ ᠰᠤᠷᠲᠠᠬᠤᠨ ᠡᠶ᠎ᠡ ᠨᠠᠶᠢᠷᠠᠮᠳᠠᠭᠤ᠂ ᠨᠡᠶᠢᠭᠡᠮ ᠡᠶ᠎ᠡ ᠵᠣᠬᠢᠴᠠᠩᠭᠤᠢ᠂ ᠦᠨᠳᠦᠰᠦᠲᠡᠨ ᠡᠶ᠎ᠡ ᠨᠠᠶᠢᠷᠲᠠᠢ ᠪᠠᠶᠢᠬᠤ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤ ᠢᠳᠡᠪᠬᠢᠲᠡᠢ ᠦᠢᠯᠡᠳᠦᠯ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃      19 ᠤ ᠦᠳᠡ ᠶᠢᠨ ᠡᠮᠦᠨ᠎ᠡ᠂ ᠰᠢ ᠶᠢᠨ ᠫᠢᠩ ᠬᠥᠬᠡᠨᠠᠭᠤᠷ ᠮᠤᠵᠢ ᠶᠢᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠥᠬᠡᠨᠠᠭᠤᠷ ᠤᠨ ᠡᠯ᠎ᠡ ᠵᠦᠢᠯ ᠤᠨ ᠠᠵᠢᠯ ᠤᠨ ᠣᠯᠤᠭᠰᠠᠨ ᠬᠢᠷᠢ ᠪᠦᠲᠦᠮᠵᠢ ᠶᠢ ᠨᠤᠲᠠᠯᠠᠪᠠ᠃      ᠰᠢ ᠶᠢᠨ ᠫᠢᠩ᠂ ᠬᠥᠬᠡᠨᠠᠭᠤᠷ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠶᠡᠭᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠨ᠎ᠠ᠂ ᠠᠵᠤ ᠦᠢᠯᠡᠰ ᠤᠨ ᠬᠥᠭᠵᠢᠯᠲᠡ ᠳᠤ ᠡᠷᠬᠡᠪᠰᠢ ᠬᠢᠬᠦ ᠶᠤᠰᠤᠳᠠᠢ ᠶᠢ ᠨᠢ ᠬᠢᠵᠤ᠂ ᠬᠢᠬᠦ ᠴᠢᠬᠤᠯᠠ ᠦᠭᠡᠢ ᠶᠢ ᠨᠢ ᠬᠢᠬᠦ ᠦᠭᠡᠢ ᠪᠠᠶᠢᠬᠤ ᠶᠢ ᠪᠠᠷᠢᠮᠲᠠᠯᠠᠵᠤ᠂ ᠲᠤᠬᠠᠢ ᠶᠢᠨ ᠭᠠᠵᠠᠷ ᠤᠨ ᠣᠨᠴᠠᠯᠢᠭ ᠪᠠ ᠳᠠᠪᠠᠭᠤᠯᠢᠭ ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠤᠶᠢᠵᠢᠭᠤᠯᠬᠤ ᠬᠡᠷᠡᠭᠲᠡᠢ᠃ ᠡᠬᠢ ᠪᠠᠶᠠᠯᠢᠭ ᠤᠨ ᠡᠯᠧᠮᠧᠨ᠋ᠲ ᠢ ᠪᠦᠲᠦᠮᠵᠢᠲᠡᠢ ᠲᠥᠪᠯᠡᠷᠡᠭᠦᠯᠵᠦ᠂ ᠳᠡᠯᠡᠬᠡᠢ ᠶᠢᠨ ᠲᠡᠰ ᠤᠨ ᠳᠠᠪᠤᠰᠤᠨ ᠨᠠᠭᠤᠷ ᠤᠨ ᠠᠵᠤ ᠦᠢᠯᠡᠰ ᠤᠨ ᠰᠠᠭᠤᠷᠢᠨ ᠢ ᠲᠦᠷᠭᠡᠳᠭᠡᠨ ᠪᠠᠶᠢᠭᠤᠯᠵᠤ᠂ ᠤᠯᠤᠰ ᠤᠨ ᠴᠡᠪᠡᠷ ᠡᠨᠧᠷᠭᠢ ᠶᠢᠨ ᠠᠵᠤ ᠦᠢᠯᠡᠰ ᠤᠨ ᠥᠨᠳᠦᠷᠯᠢᠭ ᠂ ᠤᠯᠠᠨ ᠤᠯᠤᠰ ᠤᠨ ᠠᠮᠢ ᠠᠬᠤᠢ ᠶᠢᠨ ᠵᠢᠭᠤᠯᠴᠢᠯᠠᠯ ᠤᠨ ᠬᠠᠷᠠᠯᠳᠠᠳᠦ ᠭᠠᠵᠠᠷ᠂ ᠪᠣᠬᠢᠷᠲᠤᠯ ᠦᠭᠡᠢ ᠣᠷᠭᠠᠨᠢᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠰᠢ ᠭᠠᠷᠭᠠᠬᠤ ᠭᠠᠵᠠᠷ ᠢ ᠪᠠᠶᠢᠭᠤᠯᠬᠤ ᠬᠡᠷᠡᠭᠲᠡᠢ᠃ ᠰᠢᠨᠵᠢᠯᠡᠬᠦ ᠮᠡᠷᠭᠡᠵᠢᠯ ᠤᠨ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢᠶᠠᠨ ᠤᠯᠠᠷᠢᠭᠤᠯᠬᠤ ᠶᠢ ᠬᠤᠶᠠᠷ ᠲᠠᠯ᠎ᠠ ᠪᠠᠷ ᠠᠳᠬᠤᠬᠤ ᠶᠢ ᠪᠠᠷᠢᠮᠲᠠᠯᠠᠨ᠂ ᠰᠢᠨ᠎ᠡ ᠮᠡᠷᠭᠡᠵᠢᠯ ᠢ ᠥᠷᠭᠡᠨ ᠢᠶᠠᠷ ᠬᠡᠷᠡᠭᠯᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠮᠠᠨᠳᠤᠬᠰᠠᠨ ᠠᠵᠤ ᠦᠢᠯᠡᠰ ᠢ ᠬᠦᠭᠵᠢᠬᠦᠯᠵᠦ᠂ ᠰᠢᠨ᠎ᠡ ᠴᠢᠨᠠᠷ ᠪᠦ᠋ᠬᠦᠢ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠬᠤ ᠬᠡᠷᠡᠭᠲᠡᠶ᠃ ᠥᠭᠡᠷᠡᠴᠢᠯᠡᠯᠲᠡ ᠶᠢ ᠴᠢᠨᠠᠬᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠨᠡᠭᠡᠭᠡᠯᠲᠡ ᠶᠢ ᠥᠷᠭᠡᠳᠭᠡᠨ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠵᠡᠷᠭᠡ ᠴᠢᠬᠤᠯᠠ ᠶᠡᠭᠡ ᠪᠠᠶᠢᠯᠳᠤᠬᠤ ᠪᠤᠳᠤᠯᠭ᠎ᠠ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠪᠣᠬᠢᠷᠲᠤᠯ ᠦᠭᠡᠢ ᠲᠣᠷᠭᠠᠨ ᠵᠠᠮ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠭᠡᠷᠡᠭᠳᠠᠢ᠃ ᠮᠤᠵᠢ ᠶᠢᠨ ᠳᠣᠲᠣᠷᠠᠬᠢ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠨᠢᠭᠡᠳᠦᠯᠲᠡᠶ ᠲᠥᠯᠥᠪᠵᠢᠬᠦᠯᠤᠨ᠂ ᠰᠢᠨᠢᠩ᠂ ᠬᠠᠶ ᠳ᠋ᠦᠩ᠂ ᠬᠠᠶᠢᠰᠢ ᠶᠢᠨ ᠲᠤᠯᠭᠠᠭᠤᠷᠢᠯᠠᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠶᠠᠨ ᠤ ᠬᠡᠪᠴᠢᠶᠡᠨ ᠤ ᠠᠵᠤ ᠠᠬᠤᠶ᠂ ᠣᠨᠴᠠᠯᠢᠭᠲᠤ ᠠᠵᠤ ᠦᠢᠯᠡᠰ ᠢ ᠬᠥᠭᠵᠢᠭᠦᠯᠬᠦ ᠭᠡᠷᠡᠭᠳᠠᠢ ᠭᠡᠵᠤ ᠵᠢᠭᠠᠵᠤ ᠭᠠᠷᠭᠠᠪᠠ᠃      ᠰᠢ ᠶᠢᠨ ᠫᠢᠩ᠂ ᠬᠥᠬᠡᠨᠠᠭᠤᠷ ᠲᠥᠪᠡᠳ ᠤᠨ ᠥᠨᠳᠦᠷᠯᠢᠭ ᠤᠨ ᠠᠮᠢ ᠠᠬᠤᠢ ᠶᠢᠨ ᠰᠢᠰᠲ᠋ᠧᠮ ᠡᠯᠪᠡᠭ ᠪᠠᠶᠠᠯᠢᠭ ᠤᠯᠠᠨ ᠶᠠᠩᠵᠤ ᠶᠢᠨ ᠪᠤᠯᠪᠠᠴᠤ ᠲᠦᠢᠯ ᠤᠨ ᠬᠡᠪᠡᠷᠡᠭ ᠪᠠᠶᠢᠳᠠᠭ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠠᠮᠢ ᠠᠬᠤᠢ ᠶᠢᠨ ᠴᠢᠳᠠᠮᠵᠢ ᠶᠢ ᠬᠠᠮᠤᠭ ᠤᠨ ᠶᠡᠭᠡ ᠪᠠᠷ ᠪᠡᠶᠡᠯᠡᠭᠦᠯᠬᠦ ᠪᠣᠯ ᠡᠨᠡ ᠬᠦ ᠣᠷᠣᠨ ᠪᠦᠰᠡ ᠶᠢᠨ ᠭᠤᠣᠯ ᠡᠭᠦᠷᠭᠡ ᠪᠣᠯᠤᠨ᠎ᠠ᠃ ᠠᠮᠢ ᠠᠬᠤᠶ ᠶᠢ ᠤᠷᠢᠳ ᠢᠶᠠᠷ ᠪᠣᠳᠣᠯᠬᠢᠯᠠᠵᠦ ᠪᠣᠬᠢᠷᠲᠤᠯ ᠥᠬᠡᠶ ᠪᠠᠷ ᠬᠥᠭᠵᠢᠭᠦᠯᠬᠦ ᠶᠢ ᠢᠮᠠᠭᠲᠠ ᠪᠠᠷᠢᠮᠲᠠᠯᠠᠵᠤ᠂ ᠬᠥᠬᠡᠨᠠᠭᠤᠷ ᠲᠥᠪᠡᠳ ᠤᠨ ᠥᠨᠳᠦᠷᠯᠢᠭ ᠤᠨ ᠠᠮᠢ ᠠᠬᠤᠶ ᠶᠢ ᠬᠠᠮᠠᠭᠠᠯᠠᠬᠤ ᠬᠠᠤᠯᠢ ᠶᠢ ᠨᠠᠷᠢᠨ ᠬᠢᠨᠠᠮᠠᠭᠠᠶ ᠬᠡᠷᠡᠭᠵᠢᠭᠦᠯᠵᠦ᠂ ᠭᠤᠤᠯ ᠴᠣᠭᠴᠠ ᠶᠢᠨ ᠴᠢᠳᠠᠮᠵᠢᠲᠤ ᠣᠷᠣᠨ ᠤ ᠲᠥᠯᠥᠪᠵᠢᠭᠦᠯᠭᠡ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠬᠡᠨᠠᠭᠤᠷ ᠲᠥᠪᠡᠳ ᠤᠨ ᠥᠨᠳᠦᠷᠯᠢᠭ ᠢ ᠠᠮᠢ ᠠᠬᠤᠶ ᠶᠢᠨ ᠪᠣᠯᠪᠠᠰᠤᠨ ᠤ ᠥᠨᠳᠦᠷᠯᠢᠭ ᠪᠣᠯᠭᠠᠨ ᠪᠥᠲᠥᠭᠡᠨ ᠪᠠᠶᠢᠭᠤᠯᠬᠤ ᠬᠡᠷᠡᠭᠲᠡᠶ᠃ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠲᠦᠷᠭᠡᠳᠭᠡᠨ ᠬᠡᠷᠡᠭᠵᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠬᠦ ᠭᠡᠷᠡᠭᠲᠡᠢ᠃ ᠭᠤᠷᠪᠠᠨ ᠮᠥᠷᠡᠨ ᠤ ᠡᠬᠢ ᠶᠢᠨ ᠡᠨᠡ ᠬᠦ ︽ᠳᠤᠮᠳᠠᠳᠤ ᠶᠢᠨ ᠤᠰᠤᠨ ᠰᠤᠪᠤᠷᠭ᠎ᠠ︾ ᠶᠢ ᠰᠠᠶᠢᠲᠤᠷ ᠰᠠᠬᠢᠨ ᠬᠠᠮᠠᠭᠠᠯᠠᠵᠤ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠵᠤ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠶᠠᠪᠤᠳᠠᠯ ᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠭᠠᠬᠤ ᠭᠡᠷᠡᠭᠲᠡᠢ᠃ ᠤᠯᠤᠰ ᠤᠨ ᠴᠡᠴᠡᠷᠯᠢᠭ ᠢᠶᠠᠷ ᠭᠤᠤᠯ ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠤᠨ ᠲᠥᠯᠥᠭᠡᠯᠡᠬᠦ ᠴᠢᠨᠠᠷᠲᠠᠶ ᠪᠠ ᠳᠡᠯᠡᠬᠡᠶ ᠳᠤ ᠨᠥᠯᠥᠭᠡᠯᠡᠬᠦ ᠬᠦᠴᠦᠨ ᠲᠠᠢ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠬᠡᠪ ᠳᠠᠭᠤᠷᠢᠶᠠᠯ ᠢ ᠪᠣᠶ ᠪᠣᠯᠭᠠᠬᠤ ᠭᠡᠷᠡᠭᠲᠡᠢ᠃ ᠭᠤᠣᠯᠳᠠᠯᠭ᠎ᠠ ᠲᠠᠢ ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠠᠵᠢᠯ ᠢ ᠡᠮᠬᠢ ᠵᠢᠷᠤᠮ ᠲᠠᠢ ᠪᠠᠷ ᠠᠬᠢᠭᠤᠯᠵᠤ᠂ ᠠᠮᠢ ᠠᠬᠤᠢ ᠲᠠᠢ ᠨᠥᠬᠦᠷᠰᠡᠭ ᠬᠡᠯᠪᠡᠷᠢ ᠶᠢᠨ ᠠᠵᠤ ᠦᠢᠯᠡᠰ ᠢ ᠬᠥᠭᠵᠢᠭᠦᠯᠦᠨ᠂ ᠰᠢᠨ᠎ᠡ ᠬᠡᠯᠪᠡᠷᠢ ᠶᠢᠨ ᠡᠨᠧᠷᠭᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠵᠦ᠂ ᠠᠷᠠᠳ ᠤᠨ ᠰᠠᠨᠠᠭ᠎ᠠ ᠳᠤ ᠨᠡᠶᠢᠴᠡᠭᠰᠡᠨ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠭᠰᠡᠨ᠂ ᠠᠷᠠᠳ ᠤᠨ ᠰᠡᠳᠭᠢᠯ ᠢ ᠳᠤᠯᠠᠭᠠᠴᠡᠭᠤᠯᠤᠭᠰᠠᠨ ᠪᠣᠳᠠᠲᠤ ᠶᠠᠪᠤᠳᠠᠯ ᠢ ᠢᠯᠡᠭᠦᠬᠡᠨ ᠬᠢᠵᠦ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠯᠠᠪᠳᠠᠭᠤᠨ ᠪᠠᠲᠤᠲᠠᠢ ᠰᠢᠢᠳᠪᠦᠷᠢᠯᠡᠬᠦ ᠬᠡᠷᠡᠭᠲᠡᠢ᠃ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠲᠦᠬᠦᠭᠡᠷᠦᠮᠵᠢ ᠶᠢᠨ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠲᠦᠰᠦᠪᠯᠡᠵᠦ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠲᠡᠩᠴᠡᠭᠦᠷᠢᠲᠦ ᠴᠢᠨᠠᠷ ᠬᠦᠷᠦᠯᠴᠡᠭᠦᠶᠢᠴᠡ ᠴᠢᠨᠠᠷ ᠢ ᠬᠦᠴᠦᠯᠡᠨ ᠨᠡᠮᠡᠭᠳᠡᠭᠦᠯᠬᠦ ᠭᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠡᠨᠡ ᠬᠦ ᠭᠤᠣᠯᠳᠠᠯᠭ᠎ᠠ ᠶᠢ ᠳᠤᠪᠤᠶᠢᠯᠭᠠᠵᠤ᠂ ᠥᠨᠳᠦᠷᠯᠢᠭ ᠤᠨ ᠤᠨᠴᠠᠯᠢᠬᠳᠤ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠲᠦᠷᠭᠡᠳᠭᠡᠨ ᠠᠬᠢᠭᠤᠯᠵᠤ᠂ ᠪᠣᠬᠢᠷᠲᠤᠯ ᠦᠭᠡᠢ ᠣᠷᠭᠠᠨᠢᠭ ᠮᠠᠯ ᠠᠵᠤ ᠠᠬᠤᠢ ᠲᠠᠷᠢᠶᠠᠯᠠᠩ ᠢ ᠬᠥᠭᠵᠢᠭᠦᠯᠵᠦ᠂ ᠥᠨᠳᠦᠷᠯᠢᠭ ᠤᠨ ᠨᠤᠲᠤᠭ ᠤᠨ ᠣᠨᠴᠠ ᠭᠠᠷᠤᠯᠲᠠ ᠶᠢᠨ ᠲᠦᠷᠦᠯ ᠲᠡᠮᠳᠡᠭ ᠢ ᠡᠭᠦᠳᠬᠦ ᠬᠡᠷᠡᠭᠲᠡᠢ᠃ ᠥᠨᠳᠦᠷᠯᠢᠭ ᠤᠨ ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠡᠪ ᠵᠠᠩᠰᠢᠯ ᠢ ᠥᠭᠡᠷᠡᠴᠢᠯᠡᠬᠦ ᠶᠢ ᠠᠬᠢᠭᠤᠯᠬᠤ ᠭᠡᠷᠡᠭᠲᠡᠢ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠡᠴᠡ ᠶᠢ ᠨᠠᠶᠢᠳᠠᠪᠤᠷᠢᠵᠢᠭᠤᠯᠵᠤ᠂ ᠬᠡᠪᠴᠢᠶᠡᠵᠢᠯ ᠤᠨ ᠴᠢᠨᠠᠷᠲᠠᠶ ᠳᠠᠬᠢᠨ ᠶᠠᠳᠠᠭᠤᠷᠠᠯ ᠡᠬᠦᠰᠬᠦ ᠥᠬᠡᠶ ᠪᠠᠶᠢᠬᠤ ᠶᠢ ᠦᠨᠡᠨ ᠬᠦ ᠪᠠᠲᠤᠯᠠᠬᠤ ᠭᠡᠷᠡᠭᠲᠡᠢ᠃ ᠵᠶᠢ ᠰᠢ ᠱᠠᠨ ᠤ ᠭᠠᠵᠠᠷ ᠬᠥᠳᠡᠯᠦᠯᠲᠡ ᠶᠢᠨ ᠭᠠᠮᠰᠢᠭ ᠤᠨ ᠳᠠᠷᠠᠭᠠᠬᠢ ᠰᠡᠷᠭᠦᠭᠡᠨ ᠲᠠᠬᠢᠨ ᠪᠠᠶᠢᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠬᠥᠬᠡᠨᠠᠭᠤᠷ ᠪᠣᠯ ᠮᠠᠨ ᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠲᠠᠷᠬᠠᠯᠲᠠ ᠲᠥᠪᠯᠡᠷᠡᠭᠰᠡᠨ ᠮᠤᠵᠢ ᠪᠣᠯᠤᠨ᠎ᠠ᠂ ᠦᠨᠳᠦᠰᠦᠲᠡᠨ ᠤ ᠠᠵᠢᠯ ᠪᠣᠯᠤᠨ ᠱᠠᠰᠢᠨ ᠰᠤᠷᠲᠠᠬᠤᠨ ᠤ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠦᠨᠳᠦᠰᠦᠨ ᠪᠣᠳᠣᠯᠭ᠎ᠠ ᠴᠢᠭᠯᠡᠯᠲᠡ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠥᠷᠭᠡᠨ ᠢᠶᠠᠷ ᠥᠷᠨᠢᠭᠦᠯᠵᠦ᠂ ᠦᠨᠳᠦᠰᠦᠲᠡᠨ ᠨᠦᠭᠦᠳ ᠤᠨ ᠪᠥᠬᠦ ᠲᠠᠯ᠎ᠠ ᠪᠠᠷ ᠰᠢᠭᠢᠳᠦᠨ ᠣᠷᠣᠬᠤ᠂ ᠥᠷᠭᠡᠨ ᠢᠶᠠᠷ ᠶᠠᠪᠤᠯᠴᠠᠵᠤ ᠰᠣᠯᠢᠯᠴᠠᠵᠤ ᠠᠭᠤᠰᠤᠯᠴᠠᠬᠤ ᠶᠢ ᠠᠬᠢᠭᠤᠯᠬᠤ ᠭᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ ᠱᠠᠰᠢᠨ ᠰᠤᠷᠲᠠᠬᠤᠨ ᠤ ᠠᠵᠢᠯ ᠤᠨ ᠤᠨᠤᠯ ᠪᠠ ᠴᠢᠭᠯᠡᠯᠲᠡ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠨ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠢᠯᠠᠩᠭᠤᠶ᠎ᠠ ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠤᠨ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠣᠳᠣᠬᠠᠨ ᠳᠤ ᠶᠠᠭ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ ᠪᠠᠶᠢᠨ᠎ᠠ᠂ ᠦᠨᠡᠨ ᠬᠦ ᠠᠳᠬᠤᠨ ᠪᠣᠳᠠᠲᠠᠢ ᠰᠤᠷᠤᠯᠴᠠᠵᠤ᠂ ᠰᠠᠶᠢᠳᠤᠷ ᠡᠬᠢᠯᠡᠭᠦᠯᠦᠨ ᠰᠠᠶᠢᠳᠤᠷ ᠲᠡᠭᠦᠰᠭᠡᠵᠦ᠂ ᠰᠠᠬᠢᠯᠭ᠎ᠠ ᠪᠠᠲᠤ ᠶᠢ ᠰᠤᠷᠤᠯᠴᠠᠨ ᠰᠠᠬᠢᠯᠭ᠎ᠠ ᠪᠠᠲᠤ ᠶᠢ ᠮᠡᠳᠡᠵᠦ ᠰᠠᠬᠢᠯᠭ᠎ᠠ ᠪᠠᠲᠤ ᠶᠢ ᠲᠣᠳᠣᠷᠬᠠᠢ ᠣᠶᠢᠯᠠᠭᠠᠬᠤ ᠪᠠᠷ ᠰᠠᠬᠢᠯᠭ᠎ᠠ ᠪᠠᠲᠤ ᠶᠢ ᠵᠢᠷᠤᠮᠯᠠᠨ ᠰᠠᠬᠢᠯᠭ᠎ᠠ ᠪᠠᠲᠤ ᠶᠢ ᠬᠡᠷᠡᠭᠵᠢᠭᠦᠯᠬᠦ ᠶᠢ ᠠᠬᠢᠭᠤᠯᠬᠤ ᠬᠡᠷᠡᠭᠲᠡᠢ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠭᠤᠣᠯ ᠪᠤᠯᠭᠠᠭᠰᠠᠨ ᠴᠠᠭ ᠦᠶ᠎ᠡ ᠶᠢᠨ ᠵᠣᠷᠢᠭ ᠰᠠᠨᠠᠭ᠎ᠠ ᠪᠠ ᠬᠥᠬᠡᠨᠠᠭᠤᠷ ᠲᠥᠪᠡᠳ ᠤᠨ ᠥᠨᠳᠦᠷᠯᠢᠭ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠨᠠᠮ ᠤᠨ ᠭᠡᠰᠢᠭᠦᠨ᠂ ᠺᠠᠳ᠋ᠷᠴᠤᠳ ᠤᠨ ᠦᠵᠡᠯ ᠰᠠᠨᠠᠭ᠎ᠠ ᠪᠠᠨ ᠴᠢᠯᠥᠭᠡᠯᠡᠨ᠂ ᠦᠵᠡᠯᠲᠡ ᠲᠠᠨᠢᠯᠳᠠ ᠪᠠᠨ ᠬᠤᠪᠢᠷᠠᠭᠤᠯᠬᠤ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠬᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠴᠢᠨᠠᠭᠰᠢᠲᠠ ᠤᠷᠮᠠᠰᠢᠭᠤᠯᠤᠨ ᠵᠣᠷᠢᠭᠵᠢᠭᠤᠯᠬᠤ ᠭᠡᠷᠡᠭᠲᠡᠢ᠃ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠣᠯᠭᠠᠬᠤ ᠶᠢ ᠠᠬᠢᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠭᠡᠷᠡᠭᠲᠡᠢ᠃ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠠᠵᠢᠯ ᠤᠨ ᠲᠣᠭᠲᠡᠴᠡ ᠶᠢ ᠨᠢᠭᠡ ᠴᠤᠬᠴᠠᠵᠢᠭᠤᠯᠤᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠪᠠᠷ ᠲᠥᠪ ᠰᠤᠷᠲᠠᠯ ᠲᠡᠭᠦᠯᠳᠡᠷ ᠨᠡᠶᠢᠭᠡᠮ ᠤᠨ ᠠᠮᠢ ᠠᠬᠤᠢ ᠶᠢ ᠪᠦᠷᠢᠯᠳᠦᠭᠦᠯᠬᠦ ᠶᠢ ᠬᠦᠲᠦᠯᠦᠨ ᠳᠠᠭᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠯᠢ ᠭᠠᠨ ᠵᠢᠶᠧ᠂ ᠾᠧ ᠯᠢ ᠹᠧᠩ ᠵᠢᠴᠢ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠰᠢᠨᠵᠢᠯᠡᠨ ᠪᠠᠶᠢᠴᠠᠭᠠᠪᠠ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠬᠠᠤ ᠤᠷᠤᠨ ᠤ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号