ᠰᠥᠨᠢᠳ ᠪᠠᠷᠠᠭᠤᠨ ᠬᠤᠰᠢᠭᠤᠨ ᠤ 65 ᠨᠠᠰᠤ ᠵᠢᠴᠢ ᠲᠡᠭᠦᠨ ᠠᠴᠠ ᠳᠡᠭᠡᠭᠰᠢᠬᠢ ᠨᠠᠰᠤᠲᠠᠶᠢᠴᠤᠳ ᠤᠨ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠲᠤᠬᠠᠶ ᠰᠥᠨᠢᠳ ᠪᠠᠷᠠᠭᠤᠨ ᠬᠤᠰᠢᠭᠤᠨ ᠤ ᠮᠡᠳᠡᠭᠳᠡᠯ
ᠨᠡᠶᠢᠲᠡᠯᠡᠭᠰᠡᠨ ᠴᠠᠭ᠄
2024/6/28
ᠡᠯ᠎ᠡ ᠨᠡᠶᠢᠭᠡᠮ ᠲᠣᠭᠤᠷᠢᠭ ᠤᠨ ᠰᠠᠭᠤᠭᠠᠯᠢ ᠠᠷᠠᠳ᠄      ᠤᠯᠤᠰ ᠤᠨ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ  ᠦᠢᠯᠡᠴᠢᠯᠡᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠠᠬᠢᠭᠤᠯᠤᠨ ᠂ ᠨᠠᠰᠤᠲᠠᠶᠢᠴᠤᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠪᠠᠲᠤᠯᠠᠵᠤ᠂ ᠨᠠᠰᠤᠲᠠᠶᠢᠴᠤᠳ ᠲᠤ ᠦᠨᠳᠦᠰᠦᠨ ᠡᠮᠴᠢᠯᠡᠭᠡᠨ ᠤ ᠡᠷᠡᠭᠦᠯ ᠮᠡᠨᠳᠦ ᠶᠢᠨ ᠦᠢᠯᠡᠴᠢᠯᠡᠭᠡ ᠶᠢ ᠦᠨᠡᠨ ᠬᠦ ᠬᠦᠷᠲᠡᠭᠡᠬᠦ ᠶᠢᠨ ᠲᠥᠯᠥᠭᠡ᠂ ᠰᠠᠶᠢᠬᠠᠨᠲᠠᠯ᠎ᠠ ᠪᠠᠯᠭᠠᠰᠤᠨ ᠤ ᠨᠢᠭᠡᠳᠦᠭᠡᠷ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠬᠤᠶᠠᠳᠤᠭᠠᠷ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ 7 ᠰᠠᠷ᠎ᠠ ᠠᠴᠠ ᠡᠬᠢᠯᠡᠨ 65 ᠨᠠᠰᠤ ᠵᠢᠴᠢ ᠲᠡᠭᠦᠨ ᠠᠴᠠ ᠳᠡᠭᠡᠭᠰᠢᠬᠢ ᠨᠠᠰᠤᠲᠠᠶᠢᠴᠤᠳ ᠤᠨ ᠰᠦᠢᠳᠬᠡᠯ ᠬᠤᠷᠢᠶᠠᠬᠤ ᠥᠬᠡᠶ ᠪᠠᠷ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢᠨ ᠦᠢᠯᠡᠴᠢᠯᠡᠭᠡ ᠶᠢ ᠥᠷᠨᠢᠭᠦᠯᠦᠨ᠎ᠡ᠃ ᠡᠳᠦᠭᠡ ᠪᠣᠳᠠᠲᠠᠢ ᠲᠣᠬᠢᠷᠠᠭᠤᠯᠤᠯᠲᠠ ᠶᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠪᠡᠶ᠎ᠡ ᠶᠢᠨ ᠪᠠᠶᠢᠴᠠᠭᠠᠯᠲᠠ ᠶᠢᠨ ᠡᠲᠡᠭᠡᠳ᠄      ᠬᠠᠷᠢᠶ᠎ᠠ ᠣᠷᠣᠨ ᠤ ᠬᠡᠪᠴᠢᠶᠡᠨ ᠳᠤ 6 ᠰᠠᠷ᠎ᠠ ᠠᠴᠠ ᠳᠡᠭᠡᠭᠰᠢ ᠰᠠᠭᠤᠵᠤ ᠪᠠᠶᠢᠬᠤ ᠪᠥᠭᠡᠳ ᠪᠦᠬᠦᠯᠢ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ︵ᠲᠥᠷᠥᠭᠰᠡᠨ ᠡᠳᠦᠷ ᠬᠤᠭᠤᠴᠠᠭ᠎ᠠ ᠶᠢ 1959 ᠣᠨ ᠤ 12 ᠰᠠᠷ᠎ᠠ ᠶᠢᠨ 31 ᠤ ᠡᠳᠦᠷ ᠠᠴᠠ ᠡᠮᠦᠨ᠎ᠡ ᠲᠥᠷᠥᠭᠰᠡᠨ ᠢᠶᠠᠷ ᠬᠢᠵᠠᠭᠠᠷᠯᠠᠨ᠎ᠠ᠂ ᠪᠡᠶ᠎ᠡ ᠶᠢᠨ ᠦᠨᠡᠮᠯᠡᠯ ᠳᠠᠩᠰᠠᠯᠠᠭᠤᠯᠤᠭᠰᠠᠨ ᠡᠳᠦᠷ ᠬᠤᠭᠤᠴᠠᠭ᠎ᠠ ᠪᠠᠷ ᠪᠠᠷᠢᠮᠵᠢᠶ᠎ᠠ ᠪᠣᠯᠭᠠᠨ᠎ᠠ︶᠃      ᠬᠤᠶᠠᠷ᠂ ᠪᠡᠶ᠎ᠡ ᠶᠢᠨ ᠪᠠᠶᠢᠴᠠᠭᠠᠯᠲᠠ ᠶᠢᠨ ᠤᠷᠢᠳᠴᠢᠯᠠᠨ ᠪᠣᠯᠵᠣᠬᠤ ᠴᠠᠭ᠄      ᠲᠣᠰ ᠡᠳᠦᠷ ᠠᠴᠠ ᠡᠬᠢᠯᠡᠨ ᠤᠷᠢᠳᠴᠢᠯᠠᠨ ᠪᠣᠯᠵᠣᠬᠤ ᠠᠵᠢᠯ ᠢ ᠡᠬᠢᠯᠡᠭᠦᠯᠵᠦ᠂   7 ᠰᠠᠷ᠎ᠠ ᠶᠢᠨ 25 ᠤ ᠡᠳᠦᠷ ᠤᠷᠢᠳᠴᠢᠯᠠᠨ ᠪᠤᠯᠵᠣᠬᠤ ᠶᠢ ᠵᠣᠭᠰᠣᠭᠠᠨ᠎ᠠ᠃      ᠭᠤᠷᠪᠠ᠂ ᠪᠡᠶ᠎ᠡ ᠶᠢᠨ ᠪᠠᠶᠢᠴᠠᠭᠠᠯᠲᠠ ᠶᠢᠨ ᠴᠠᠭ᠄      2024 ᠣᠨ ᠤ 7 ᠰᠠᠷ᠎ᠠ ᠶᠢᠨ 3 ᠤ ᠡᠳᠦᠷ ᠠᠴᠠ 7 ᠰᠠᠷ᠎ᠠ ᠶᠢᠨ 31 ᠤ ᠡᠳᠦᠷ ᠤᠨ ᠥᠷᠯᠥᠭᠡ ᠶᠢᠨ 7᠄ 30      ᠳᠥᠷᠪᠡ᠂ ᠪᠡᠶ᠎ᠡ ᠶᠢᠨ ᠪᠠᠶᠢᠴᠠᠭᠠᠯᠲᠠ ᠶᠢᠨ ᠤᠷᠢᠳᠴᠢᠯᠠᠨ ᠪᠣᠯᠵᠣᠬᠤ ᠭᠠᠵᠠᠷ᠄      1. ᠷᠠᠰᠢᠶᠠᠨ ᠨᠡᠶᠢᠭᠡᠮ ᠲᠣᠭᠤᠷᠢᠭ᠂ ᠲᠡᠮᠦᠷ ᠵᠠᠮ ᠤᠨ ᠨᠡᠶᠢᠭᠡᠮ ᠲᠣᠭᠤᠷᠢᠭ᠂ ᠰᠠᠢ ᠪᠸᠢ ᠴᠧᠩ ᠨᠡᠶᠢᠭᠡᠮ ᠲᠣᠭᠤᠷᠢᠭ᠂ ᠬᠠᠩᠭᠠᠢ ᠨᠡᠶᠢᠭᠡᠮ ᠲᠣᠭᠤᠷᠢᠭ᠂ ᠳ᠋ᠢᠶᠠᠨ ᠯᠢ ᠨᠡᠶᠢᠭᠡᠮ ᠲᠣᠭᠤᠷᠢᠭ᠂ ᠪᠠᠶᠠᠨ ᠨᠡᠶᠢᠭᠡᠮ ᠲᠣᠭᠤᠷᠢᠭ ᠤᠨ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠢ ᠤᠷᠢᠵᠤ ᠰᠠᠶᠢᠬᠠᠨᠲᠠᠯ᠎ᠠ ᠪᠠᠯᠭᠠᠰᠤᠨ ᠤ ᠨᠢᠭᠡᠳᠦᠭᠡᠷ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠣᠴᠢᠭᠤᠯᠵᠤ ᠪᠡᠶ᠎ᠡ ᠶᠢᠨ ᠪᠠᠶᠢᠴᠠᠭᠠᠯᠲᠠ ᠤᠷᠢᠳᠴᠢᠯᠠᠨ ᠪᠣᠯᠵᠣᠵᠤ ᠳᠠᠩᠰᠠᠯᠠᠭᠤᠯᠤᠶ᠎ᠠ︕      ᠠᠰᠠᠭᠤᠨ ᠯᠠᠪᠯᠠᠬᠤ ᠤᠲᠠᠰᠤ᠄ 0479 - 7216636      2.ᠤᠯᠠᠭᠠᠨ ᠨᠡᠶᠢᠭᠡᠮ ᠲᠣᠭᠤᠷᠢᠭ᠂ ᠮᠠᠯᠴᠢᠨ ᠨᠡᠶᠢᠭᠡᠮ ᠲᠣᠭᠤᠷᠢᠭ᠂ ᠪᠤᠯᠠᠭ ᠨᠡᠶᠢᠭᠡᠮ ᠲᠣᠭᠤᠷᠢᠭ ᠤᠨ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠢ ᠰᠠᠶᠢᠬᠠᠨᠲᠠᠯ᠎ᠠ ᠪᠠᠯᠭᠠᠰᠤᠨ ᠤ ᠬᠤᠶᠠᠳᠤᠭᠠᠷ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠣᠴᠢᠭᠤᠯᠤᠨ ᠪᠡᠶ᠎ᠡ ᠶᠢᠨ ᠪᠠᠶᠢᠴᠠᠭᠠᠯᠲᠠ ᠬᠢᠯᠭᠡᠨ᠎ᠡ︕      ᠠᠰᠠᠭᠤᠨ ᠯᠠᠪᠯᠠᠬᠤ ᠤᠲᠠᠰᠤ᠄ 0479 - 7490111      ᠲᠠᠪᠤ᠂ ᠪᠡᠶ᠎ᠡ ᠶᠢᠨ ᠪᠠᠶᠢᠴᠠᠭᠠᠯᠲᠠ ᠶᠢᠨ ᠲᠥᠷᠥᠯ ᠵᠦᠢᠯ᠄      ᠶᠡᠷᠦᠳᠡ ᠶᠢᠨ ᠪᠠᠶᠢᠳᠠᠯ ᠳᠤ ᠪᠡᠶ᠎ᠡ ᠶᠢᠨ ᠪᠠᠶᠢᠴᠠᠭᠠᠯᠲᠠ ᠴᠢᠰᠤᠨ ᠳᠠᠷᠤᠯᠲᠠ ᠴᠢᠰᠤᠨ ᠤ ᠵᠤᠷᠰᠢᠯ᠃      ᠵᠢᠷᠭᠤᠭ᠎ᠠ᠂ ᠪᠡᠶ᠎ᠡ ᠶᠢᠨ ᠪᠠᠶᠢᠴᠠᠭᠠᠯᠲᠠ ᠳᠤ ᠠᠩᠬᠠᠷᠬᠤ ᠵᠦᠢᠯ᠄      1. ᠡᠨᠡ ᠵᠢᠯ ᠰᠦᠢᠳᠬᠡᠯ ᠬᠤᠷᠢᠶᠠᠬᠤ ᠦᠭᠡᠶ ᠪᠠᠷ ᠪᠡᠶ᠎ᠡ ᠶᠢᠨ ᠪᠠᠶᠢᠴᠠᠭᠠᠯᠲᠠ ᠬᠢᠵᠦ ᠥᠩᠭᠡᠷᠡᠭᠰᠡᠨ ᠨᠠᠰᠤᠲᠠᠳ ᠨᠢᠭᠡᠨᠲᠡ ᠤᠷᠢᠳᠴᠢᠯᠠᠨ ᠪᠣᠯᠵᠣᠵᠤ ᠪᠡᠶ᠎ᠡ ᠶᠢᠨ ᠪᠠᠶᠢᠴᠠᠭᠠᠯᠲᠠ ᠬᠢᠬᠦ ᠦᠭᠡᠶ ᠪᠠᠶᠢᠬᠤ ᠬᠡᠷᠡᠭᠲᠡᠶ᠃      2. ᠪᠡᠶ᠎ᠡ ᠶᠢᠨ ᠪᠠᠶᠢᠴᠠᠭᠠᠯᠲᠠ ᠬᠢᠬᠦ ᠳᠤ ᠡᠷᠬᠡᠪᠰᠢ ᠲᠤᠰ ᠬᠥᠮᠥᠨ ᠤ ᠪᠡᠶ᠎ᠡ ᠶᠢᠨ ᠦᠨᠡᠮᠯᠡᠯ ᠢᠶᠠᠨ ᠠᠪᠬᠤ ᠬᠡᠷᠡᠭᠲᠡᠢ︔      3. ᠪᠡᠶ᠎ᠡ ᠶᠢᠨ ᠪᠠᠶᠢᠴᠠᠭᠠᠯᠲᠠ ᠬᠢᠭᠰᠡᠨ ᠡᠳᠦᠷ ᠤᠨ ᠥᠷᠯᠥᠭᠡ ᠨᠢ ᠬᠡᠪᠡᠯᠢ ᠳᠡᠭᠡᠷ᠎ᠡ ᠪᠠᠨ ᠪᠠᠶᠢᠬᠤ ᠶᠢ ᠪᠠᠲᠤᠯᠠᠭᠠᠷᠠᠢ᠃      4. ᠬᠡᠷᠪᠡ ᠥᠪᠡᠷ ᠢᠶᠠᠨ ᠴᠢᠰᠤᠨ ᠳᠠᠷᠤᠯᠲᠠ ᠥᠨᠳᠥᠷ᠂ 2 ᠬᠡᠯᠪᠡᠷᠢ ᠶᠢᠨ ᠰᠢᠬᠢᠷ ᠰᠢᠵᠢᠩ ᠡᠪᠡᠳᠴᠢᠨ ᠣᠷᠣᠰᠢᠵᠤ ᠪᠠᠶᠢᠪᠠᠯ ᠡᠩ ᠤᠨ ᠦᠶ᠎ᠡ ᠳᠤ ᠬᠡᠷᠡᠭᠯᠡᠵᠦ ᠪᠠᠶᠢᠭ᠎ᠠ ᠤᠳᠠᠭᠠᠨ ᠴᠢᠨᠠᠷᠲᠠᠶ ᠡᠪᠡᠳᠴᠢᠨ ᠤ ᠡᠮ ᠠᠴᠠ ᠠᠪᠴᠢᠷᠠᠵᠤ᠂ ᠡᠮᠨᠡᠯᠭᠡ ᠶᠢᠨ ᠠᠵᠢᠯᠲᠠᠨ ᠳᠤ ᠳᠠᠩᠰᠠᠯᠠᠬᠤ ᠳᠤ ᠲᠥᠬᠦᠮ ᠦᠵᠡᠭᠦᠯᠦᠨ᠎ᠡ᠃      5. ᠬᠥᠳᠡᠯᠵᠦ ᠪᠠᠷᠢᠬᠤ ᠳᠤ ᠳᠥᠭᠦᠮ ᠦᠭᠡᠢ ᠪᠤᠶᠤ ᠬᠦᠨᠳᠦ ᠨᠣᠴᠢᠲᠠᠢ ᠰᠠᠭᠤᠷᠢ ᠡᠪᠡᠳᠴᠢᠨ ᠲᠠᠢ ᠨᠠᠰᠤᠲᠠᠶᠢᠴᠤᠳ ᠤᠨ ᠭᠡᠷ ᠪᠦᠯᠢ ᠶᠢᠨ ᠬᠢᠨ ᠪᠠᠷ᠎ᠠ ᠪᠣᠯᠵᠤ ᠣᠷᠣᠯᠴᠠᠬᠤ᠃      6.ᠲᠤᠬᠠᠶ ᠶᠢᠨ ᠲᠠᠯᠠᠪᠤᠷ ᠤᠨ ᠡᠮᠬᠢ ᠳᠢᠭᠯᠢᠮ ᠢ ᠵᠢᠷᠤᠮᠯᠠᠵᠤ᠂ ᠠᠵᠢᠯᠲᠠᠨ ᠤ ᠲᠣᠬᠢᠷᠠᠭᠤᠯᠤᠯᠲᠠ ᠶᠢ ᠳᠠᠭᠠᠬᠤ ᠬᠡᠷᠡᠭᠲᠡᠶ᠃
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号