2024 ᠣᠨ ᠤ ᠪᠥᠬᠦ ᠬᠤᠰᠢᠭᠤᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠠᠮᠤᠷ ᠲᠦᠪᠰᠢᠨ ᠤ ᠠᠵᠢᠯ ᠤᠨ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2024/6/4
     ᠡᠩ ᠤᠨ ᠶᠡᠭᠡ ᠳᠡᠭᠡᠲᠦ ᠰᠤᠷᠭᠠᠭᠤᠯᠢ ᠳᠤ ᠰᠤᠷᠤᠭᠴᠢ ᠡᠯᠰᠡᠬᠦ ᠤᠯᠤᠰ ᠤᠨ ᠨᠢᠭᠡᠳᠦᠯᠳᠡᠢ ᠰᠢᠯᠭᠠᠯᠳᠠ ᠤᠶᠢᠷᠠᠳᠬᠤ ᠳᠠᠰᠢᠷᠠᠮ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠳᠡᠳ᠋ ᠳᠠᠷᠤᠭ᠎ᠠ ᠮᠥᠷᠡᠨ 2024 ᠣᠨ ᠤ ᠪᠥᠬᠦ ᠬᠤᠰᠢᠭᠤᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠠᠮᠤᠷ ᠲᠦᠪᠰᠢᠨ ᠤ ᠠᠵᠢᠯ ᠤᠨ ᠬᠤᠷᠠᠯ ᠬᠤᠷᠠᠯᠳᠤᠭᠤᠯᠵᠤ᠂ ᠬᠠᠮᠢᠶ᠎ᠠ ᠪᠦᠬᠦᠢ ᠠᠵᠢᠯ ᠢ ᠪᠠᠶᠢᠷᠢᠯᠠᠭᠤᠯᠪᠠ᠃ ᠬᠤᠰᠢᠭᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠤᠷᠤᠯᠴᠠᠵᠠᠢ᠃      ᠮᠥᠷᠡᠨ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠯᠤᠰ ᠲᠥᠷᠥ ᠶᠢ ᠡᠷᠬᠢᠮᠯᠡᠬᠦ ᠦᠨᠳᠦᠷᠴᠡ ᠠᠴᠠ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠡᠯ᠎ᠡ ᠵᠦᠶᠯ ᠤᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠶᠴᠡᠳ ᠲᠠᠨᠢᠵᠤ᠂ ᠤᠳᠤᠷᠢᠳᠤᠯᠭ᠎ᠠ ᠪᠠᠨ ᠴᠢᠩᠭᠠᠳᠬᠠᠨ᠂ ᠨᠠᠷᠢᠨ ᠨᠢᠮᠪᠠᠶ ᠪᠠᠶᠢᠷᠢᠯᠠᠭᠤᠯᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠰᠢᠯᠭᠠᠯᠲᠠ ᠶᠢᠨ ᠡᠯ᠎ᠡ ᠣᠷᠴᠢᠨ ᠨᠥᠬᠦᠴᠡᠯ ᠤᠨ ᠬᠦᠨᠳᠦ ᠶᠡᠭᠡ ᠠᠶᠤᠯ ᠲᠦᠭᠰᠢᠭᠦᠷᠢ ᠤᠨ ᠭᠡᠮ ᠰᠤᠭᠤᠭ ᠢ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠨ ᠠᠷᠢᠯᠭᠠᠵᠤ᠂ ︽ᠠᠮᠤᠷ ᠲᠠᠶᠢᠪᠤᠩ ᠰᠢᠯᠭᠠᠯᠲᠠ︾ ᠶᠢᠨ ᠬᠠᠷᠠᠯᠲᠠ ᠡᠭᠦᠷᠭᠡ ᠶᠢ ᠪᠥᠬᠦ ᠬᠦᠴᠦᠨ ᠢᠶᠠᠷ  ᠢᠶᠠᠨ ᠪᠡᠶᠡᠯᠡᠭᠦᠯᠬᠦ ᠬᠡᠷᠡᠭᠲᠡᠶ᠃ ᠢᠳᠡᠪᠬᠢᠲᠡᠶ ᠬᠠᠮᠵᠢᠯᠴᠠᠨ᠂ ᠦᠶᠯᠡᠴᠢᠯᠡᠭᠡᠨ ᠤ ᠪᠠᠲᠤᠯᠠᠭ᠎ᠠ ᠪᠠᠨ ᠴᠢᠩᠭᠠᠳᠬᠠᠨ᠂ ᠪᠣᠳᠠᠲᠠᠶ ᠡᠭᠦᠷᠭᠡ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠵᠠᠮ ᠬᠠᠷᠢᠯᠴᠠᠭ᠎ᠠ᠂ ᠠᠮᠤᠷ ᠢ ᠬᠠᠮᠠᠭᠠᠯᠠᠬᠤ ᠬᠠᠮᠢᠶᠠᠷᠤᠯᠲᠠ᠂ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ᠂ ᠨᠠᠷᠠᠰᠢᠬᠤ ᠠᠴᠠ ᠰᠡᠷᠬᠡᠶᠢᠯᠡᠬᠦ᠂ ᠰᠤᠷᠤᠭᠴᠢᠳ ᠤᠨ ᠡᠷᠡᠮᠡᠯᠵᠡᠯ ᠲᠠᠭᠯᠠᠬᠤ ᠵᠡᠷᠭᠡ ᠲᠠᠯ᠎ᠠ ᠪᠠᠷ ᠶᠡᠷᠦᠩᠬᠡᠶᠢᠯᠡᠭᠰᠡᠨ ᠪᠠᠲᠤᠯᠠᠭ᠎ᠠ ᠪᠠ ᠪᠤᠯᠪᠠᠰᠤᠷᠠᠯ ᠵᠢᠯᠣᠭᠤᠳᠣᠯᠭ᠎ᠠ ᠪᠠᠨ ᠴᠢᠩᠭᠠᠳᠬᠠᠨ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠤᠯᠤᠰ᠂ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠲᠠᠢ ᠨᠢᠭᠡᠳᠬᠡᠵᠦ᠂ 2024 ᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠠᠵᠢᠯ ᠢ ᠨᠠᠷᠢᠯᠢᠭ ᠪᠣᠳᠠᠲᠠᠶ ᠠᠳᠬᠤᠨ᠂ ︽ᠠᠮᠤᠷ ᠲᠠᠶᠢᠪᠤᠩ ᠰᠢᠯᠭᠠᠯᠲᠠ︾ ᠶᠢᠨ ᠰᠢᠯᠢᠳᠡᠭ ᠬᠢᠷᠢ ᠪᠦᠲᠦᠮᠵᠢ ᠪᠠᠷ ᠨᠠᠮ ᠪᠠ ᠠᠷᠠᠳ ᠲᠦᠮᠡᠨ ᠳᠤ ᠬᠠᠨᠤᠮᠵᠢᠲᠠᠶ ᠬᠠᠷᠢᠭᠤᠯᠲᠠ ᠦᠭᠭᠦ ᠬᠡᠷᠡᠭᠲᠡᠶ ᠭᠡᠵᠡᠶ᠃      ᠬᠤᠷᠠᠯ ᠳᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠣᠰ ᠲᠣᠰ ᠤᠨ ᠬᠦᠷᠢᠶ᠎ᠡ ᠴᠠᠷ᠎ᠠ ᠲᠠᠢ ᠪᠠᠨ ᠤᠶᠠᠯᠳᠤᠭᠤᠯᠤᠨ 2024 ᠣᠨ ᠤ ᠪᠥᠬᠦ ᠬᠤᠰᠢᠭᠤᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠠᠮᠢᠶ᠎ᠠ ᠪᠥᠬᠦᠶ ᠠᠵᠢᠯ ᠳᠤ ᠪᠠᠶᠢᠷᠢᠯᠠᠭᠤᠯᠤᠯᠲᠠ ᠬᠢᠪᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号