ᠬᠤᠰᠢᠭᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ 2024 ᠣᠨ ᠤ ᠲᠠᠪᠤᠳᠤᠭᠠᠷ ᠤᠳᠠᠭᠠᠨ ᠤ ᠠᠶᠤᠯᠭᠦᠶ ᠦᠶᠯᠡᠳᠪᠦᠷᠢᠯᠡᠯ ᠤᠨ ᠠᠵᠢᠯ ᠤᠨ ᠲᠣᠭᠲᠠᠮᠠᠯ ᠬᠤᠷᠠᠯ ᠤᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ᠂ ᠬᠤᠰᠢᠭᠤ ᠲᠦᠢᠮᠡᠷ ᠰᠡᠷᠭᠡᠶᠢᠯᠡᠬᠦ ᠠᠮᠤᠷ ᠲᠦᠪᠰᠢᠨ ᠤ ᠵᠥᠪᠯᠡᠯ ᠤᠨ ᠬᠤᠶᠠᠳᠤᠭᠠᠷ ᠤᠳᠠᠭᠠᠨ ᠤ ᠲᠣᠭᠲᠠᠮᠠᠯ ᠬᠤᠷᠠᠯ ᠵᠢᠴᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯᠯᠠᠭᠠᠨ ᠤ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2024/6/4
     ᠤᠶᠢᠷ᠎ᠠ ᠶᠢᠨ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠳᠡᠳ᠋ ᠳᠠᠷᠤᠭ᠎ᠠ ᠮᠥᠷᠡᠨ ᠬᠤᠰᠢᠭᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ 2024 ᠣᠨ ᠤ ᠲᠠᠪᠤᠳᠤᠭᠠᠷ ᠤᠳᠠᠭᠠᠨ ᠤ ᠠᠶᠤᠯᠭᠦᠶ ᠦᠶᠯᠡᠳᠪᠦᠷᠢᠯᠡᠯ ᠤᠨ ᠠᠵᠢᠯ ᠤᠨ ᠲᠣᠭᠲᠠᠮᠠᠯ ᠬᠤᠷᠠᠯ ᠤᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ᠂ ᠬᠤᠰᠢᠭᠤ ᠲᠦᠢᠮᠡᠷ ᠰᠡᠷᠭᠡᠶᠢᠯᠡᠬᠦ ᠠᠮᠤᠷ ᠲᠦᠪᠰᠢᠨ ᠤ ᠵᠥᠪᠯᠡᠯ ᠤᠨ ᠬᠤᠶᠠᠳᠤᠭᠠᠷ ᠤᠳᠠᠭᠠᠨ ᠤ ᠲᠣᠭᠲᠠᠮᠠᠯ ᠬᠤᠷᠠᠯ ᠵᠢᠴᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯᠯᠠᠭᠠᠨ ᠤ ᠪᠠᠶᠢᠷᠢᠯᠠᠭᠤᠯᠤᠯᠲᠠ  ᠶᠢᠨ ᠬᠤᠷᠠᠯ ᠬᠤᠷᠠᠯᠳᠤᠭᠤᠯᠵᠤ᠂ ᠬᠠᠮᠢᠶ᠎ᠠ ᠪᠦᠬᠦᠢ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠪᠠᠶᠢᠷᠢᠯᠠᠭᠤᠯᠵᠠᠢ᠃ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠮᠥᠷᠡᠨ ᠴᠢᠬᠤᠯᠠᠴᠢᠯᠠᠭᠰᠠᠨ ᠨᠢ᠂ ᠡᠨᠡ ᠵᠢᠯ ᠪᠣᠯ ᠦᠨᠳᠦᠰᠦᠨ ᠠᠴᠠ ᠨᠢ ᠵᠠᠰᠠᠬᠤ ᠰᠢᠪᠳᠤᠯᠤᠯᠳᠠ ᠶᠢᠨ ᠭᠤᠷᠪᠠᠨ ᠵᠢᠯ ᠤᠨ ᠠᠵᠢᠯᠯᠠᠭᠠᠨ ᠤ ᠡᠬᠢᠯᠡᠯᠲᠡ ᠶᠢᠨ ᠵᠢᠯ᠂ ᠮᠥᠨ ᠴᠤ ᠪᠦᠬᠦ ᠬᠦᠴᠦᠨ ᠢᠶᠠᠷ ᠢᠶᠠᠨ ᠴᠢᠷᠮᠠᠶᠢᠨ ᠠᠵᠤ ᠠᠬᠤᠶ ᠶᠢ ᠬᠥᠭᠵᠢᠭᠦᠯᠬᠦ ᠵᠠᠩᠭᠢᠯᠠᠭ᠎ᠠ ᠶᠢᠨ ᠵᠢᠯ᠂ ᠠᠶᠤᠯᠭᠦᠶ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠬᠤ  ᠨᠢ ᠴᠢᠬᠤᠯᠠ ᠶᠡᠭᠡ ᠠᠴᠢ ᠬᠤᠯᠪᠣᠭᠳᠠᠯ ᠲᠠᠢ᠂ ᠴᠢᠬᠤᠯᠠ ᠶᠡᠭᠡ ᠬᠠᠷᠢᠭᠤᠴᠠᠯᠭ᠎ᠠ ᠲᠠᠢ ᠶᠤᠮ᠃ ᠡᠯ᠎ᠡ ᠰᠠᠯᠠᠭ᠎ᠠ ᠮᠥᠴᠢᠷ ᠮᠠᠨ ᠤ ᠬᠤᠰᠢᠭᠤᠨ ᠤ ᠦᠨᠳᠦᠰᠦᠨ ᠠᠴᠠ ᠨᠢ ᠵᠠᠰᠠᠬᠤ ᠰᠢᠪᠲᠤᠯᠤᠯᠲᠠ ᠶᠢᠨ ᠠᠵᠢᠯᠯᠠᠭᠠᠨ ᠤ ᠲᠥᠰᠦᠯ ᠢ ᠨᠠᠷᠢᠨ ᠬᠢᠨᠠᠮᠠᠭᠠᠢ ᠰᠤᠳᠤᠯᠤᠭᠰᠠᠨ ᠰᠠᠭᠤᠷᠢᠨ ᠳᠡᠭᠡᠷ᠎ᠡ᠂ ᠲᠣᠰ ᠪᠡᠶ᠎ᠡ ᠶᠢᠨ ᠠᠵᠢᠯ ᠤᠨ ᠣᠨᠴᠠᠯᠢᠭ ᠲᠠᠢ ᠪᠠᠨ ᠤᠶᠠᠯᠳᠤᠭᠤᠯᠤᠨ᠂ ᠠᠵᠢᠯ ᠲᠥᠷᠥᠯ ᠤᠨ ᠬᠦᠷᠢᠶ᠎ᠡ ᠬᠡᠪᠴᠢᠶᠡᠨ ᠳᠠᠬᠢ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠠᠵᠢᠯ ᠲᠥᠷᠥᠯ᠂ ᠬᠦᠷᠢᠶ᠎ᠡ ᠴᠠᠷ᠎ᠠ ᠪᠠ ᠣᠷᠣᠨ ᠪᠦᠰᠡ ᠶᠢ ᠪᠦᠬᠦᠨ ᠢ ᠪᠦᠷᠬᠦᠭᠦᠯᠵᠦ᠂ ᠠᠵᠤ ᠠᠬᠤᠶᠢᠯᠠᠯ ᠤᠨ ᠲᠥᠷᠥᠯ ᠵᠦᠢᠯ ᠢ ᠣᠷᠬᠢᠭᠳᠠᠭᠤᠯᠬᠤ ᠥᠬᠡᠶ᠂ ᠲᠦᠭᠰᠢᠭᠦᠷᠢ ᠶᠢᠨ ᠳᠠᠯᠳᠠ ᠭᠡᠮ ᠦᠯᠡᠳᠡᠭᠡᠬᠦ ᠥᠬᠡᠶ ᠪᠠᠶᠢᠬᠤ ᠶᠢ ᠪᠡᠶᠡᠯᠡᠬᠦᠯᠬᠦ ᠬᠡᠷᠡᠭᠳᠡᠢ᠃ ᠪᠥᠬᠦ ᠬᠤᠰᠢᠭᠤᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠤᠨ ᠪᠥᠬᠦ ᠬᠡᠯᠬᠢᠶ᠎ᠡ ᠶᠢ ᠴᠡᠭᠴᠡᠯᠡᠨ ᠵᠠᠰᠠᠬᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠦᠶᠯᠡᠳᠬᠦᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠴᠠᠬᠢᠯᠭᠠᠨ ᠴᠡᠨᠡᠭ ᠢ ᠬᠤᠷᠢᠶᠠᠨ ᠠᠪᠬᠤ᠂ ᠤᠭᠰᠠᠷᠠᠬᠤ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢ ᠢᠵᠢ ᠪᠥᠷᠢᠳᠦᠭᠦᠯᠦᠨ ᠲᠥᠯᠥᠪᠵᠢᠭᠦᠯᠵᠦ᠂ ᠲᠣᠭᠲᠠᠭᠠᠯ ᠠᠴᠠ ᠵᠥᠷᠢᠴᠡᠨ ᠴᠠᠬᠢᠯᠭᠠᠨ ᠵᠣᠭᠰᠣᠭᠠᠬᠤ ᠴᠠᠬᠢᠯᠭᠠᠨ ᠴᠡᠨᠡᠭᠯᠡᠬᠦ ᠠᠵᠢᠯᠯᠠᠭ᠎ᠠ ᠶᠢ ᠵᠢᠭᠰᠠᠭᠠᠨ ᠪᠠᠶᠢᠴᠠᠭᠠᠵᠤ᠂ ᠡᠯ᠎ᠡ ᠲᠥᠷᠥᠯ ᠤᠨ ᠠᠮᠤᠷ ᠲᠦᠪᠰᠢᠨ  ᠤ ᠬᠡᠮ ᠰᠣᠭᠤᠭ ᠢ ᠦᠨᠡᠨ ᠬᠦ ᠠᠷᠢᠯᠭᠠᠬᠤ ᠬᠡᠷᠡᠭᠲᠡᠶ᠃ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠡᠯ᠎ᠡ ᠰᠠᠯᠠᠭ᠎ᠠ ᠮᠥᠴᠢᠷ ᠤᠨ ᠬᠢᠨ ᠤᠷᠢᠳᠴᠢᠯᠠᠨ ᠲᠥᠯᠥᠪᠵᠢᠭᠦᠯᠵᠦ ᠣᠨᠣᠴᠠᠲᠠᠶ ᠪᠠᠷ ᠰᠡᠷᠭᠡᠶᠢᠯᠡᠨ ᠡᠵᠡᠮᠳᠡᠵᠦ᠂ ᠭᠤᠤᠯᠳᠠᠯᠭ᠎ᠠ ᠲᠠᠢ ᠭᠠᠵᠠᠷ ᠣᠷᠣᠨ ᠤ ᠠᠶᠤᠯ ᠲᠦᠭᠰᠢᠭᠦᠷᠢ ᠬᠡᠮ ᠰᠣᠭᠤᠭ ᠢ ᠪᠠᠶᠢᠴᠠᠭᠠᠨ ᠴᠡᠭᠴᠡᠯᠡᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠡᠷᠡᠰ ᠬᠠᠮᠠᠭᠠᠯᠠᠬᠤ ᠬᠡᠷᠡᠭᠲᠡᠶ ᠬᠡᠵᠡᠢ᠃      ᠬᠤᠷᠠᠯ ᠠᠴᠠ ᠳᠡᠭᠡᠳᠦ ᠱᠠᠲᠤᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠶᠤᠯᠭᠦᠶ ᠦᠶᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠰᠢᠪᠳᠤᠯᠤᠯᠳᠠ ᠶᠢᠨ ᠭᠤᠷᠪᠠᠨ ᠵᠢᠯ ᠤᠨ ᠠᠵᠢᠯᠯᠠᠭᠠᠨ ᠤ ᠠᠬᠢᠴᠠ ᠶᠢᠨ ᠪᠠᠶᠢᠳᠠᠯ ᠪᠣᠯᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠪᠠᠶᠢᠳᠠᠯ ᠢ ᠰᠣᠨᠣᠰᠴᠤ᠂ ︽ᠪᠥᠬᠦ ᠠᠶᠢᠮᠠᠭ ᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ  ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯ ᠤᠨ ᠲᠥᠰᠦᠯ︾ ᠢ ᠤᠯᠠᠮᠵᠢᠯᠠᠨ ᠳᠠᠶᠢᠯᠤᠵᠢ ᠬᠢᠵᠦ᠂ ᠬᠤᠰᠢᠭᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠪᠠᠰᠠ ᠠᠶᠤᠯᠭᠦᠶ ᠦᠶᠯᠡᠳᠪᠦᠷᠢᠯᠡᠯ ᠤᠨ ᠬᠦᠷᠢᠶᠡᠨ ᠳᠠᠬᠢ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠬᠦ ᠲᠤᠬᠠᠶ ᠪᠠᠶᠢᠷᠢᠯᠠᠭᠤᠯᠤᠯᠲᠠ ᠬᠢᠵᠡᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号