ᠮᠠᠨ ᠤ ᠬᠤᠰᠢᠭᠤ ᠨᠡᠭᠦᠷᠡᠰᠦᠨ ᠬᠡᠢ ᠶᠢᠨ ᠬᠤᠤᠷᠳᠠᠯ ᠠᠴᠠ ᠰᠡᠷᠬᠡᠶᠢᠯᠡᠬᠦ ᠰᠣᠷᠢᠯᠲᠠ ᠬᠢᠭᠰᠡᠨ
ᠨᠡᠶᠢᠲᠡᠯᠡᠭᠰᠡᠨ ᠴᠠᠭ᠄
2024/6/4
     ᠤᠶᠢᠷ᠎ᠠ ᠶᠢᠨ ᠡᠳᠦᠷ᠂ ᠮᠠᠨ ᠤ ᠬᠤᠰᠢᠭᠤ ︽ᠠᠶᠤᠯᠭᠦᠢ ᠦᠶᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ  ᠶᠢ ᠡᠬᠢᠯᠡᠭᠦᠯᠬᠦ ᠪᠠᠷ ᠲᠣᠬᠢᠶᠠᠯ ᠪᠣᠯᠭᠠᠵᠤ᠂ ᠰᠢᠨ ᠮᠧᠩ ᠰᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠳᠤ ᠠᠵᠤ ᠦᠶᠯᠡᠳᠪᠦᠷᠢ ᠶᠢᠨ ᠨᠡᠭᠦᠷᠡᠰᠦᠨ ᠬᠡᠶ ᠠᠯᠳᠠᠭᠳᠠᠭᠰᠠᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠰᠣᠷᠢᠯᠲᠠ ᠬᠢᠵᠡᠢ᠃      ᠲᠣᠰ ᠤᠳᠠᠭᠠᠨ ᠤ ᠰᠣᠷᠢᠯᠲᠠ ᠨᠢ ᠰᠢᠨ ᠮᠧᠩ ᠰᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠨᠡᠭᠦᠷᠡᠰᠦᠨ ᠬᠡᠶ ᠠᠯᠳᠠᠭᠳᠠᠭᠰᠠᠨ ᠠᠳᠡᠯ ᠢᠶᠠᠷ ᠠᠬᠤᠶ ᠪᠠᠶᠢᠳᠠᠯ ᠪᠣᠯᠭᠠᠵᠤ᠂ ᠨᠡᠭᠦᠷᠡᠰᠦᠨ ᠬᠡᠢ ᠠᠯᠳᠠᠭᠳᠠᠪᠠᠯ ᠬᠡᠷᠬᠢᠨ ᠰᠡᠷᠡᠮᠵᠢᠯᠡᠨ ᠲᠠᠷᠬᠠᠭᠠᠬᠤ᠂ ᠬᠥᠮᠦᠰ ᠢ ᠠᠪᠤᠷᠠᠨ ᠵᠠᠰᠠᠬᠤ᠂ ᠭᠡᠷᠡᠭ ᠰᠢᠶᠳᠪᠦᠷᠢᠯᠡᠬᠦ ᠵᠡᠷᠭᠡ ᠲᠥᠷᠥᠯ ᠢᠶᠠᠷ ᠪᠤᠳᠠᠳᠤ ᠰᠤᠷᠢᠯᠳᠠ ᠬᠢᠵᠡᠢ᠃      ᠦᠳᠡ ᠶᠢᠨ ᠡᠮᠦᠨᠡᠬᠢ 9᠄ 30 ᠲᠤ᠂ ᠬᠤᠰᠢᠭᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠳᠤᠪᠴᠢᠶ᠎ᠠ᠂ ᠲᠦᠢᠮᠡᠷ ᠰᠡᠷᠭᠡᠶᠢᠯᠡᠵᠦ ᠲᠦᠢᠮᠡᠷ ᠤᠨᠲᠠᠷᠠᠭᠠᠬᠤ ᠶᠡᠭᠡ ᠠᠩᠭᠢ᠂ ᠡᠮ ᠡᠮᠨᠡᠯᠭᠡ ᠶᠢᠨ ᠰᠢᠰᠲ᠋ᠧᠮ᠂ ᠰᠢᠨ ᠮᠧᠩ ᠰᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠬᠠᠮᠲᠤᠷᠠᠨ ᠦᠷᠨᠢᠬᠦᠯᠦᠭᠰᠡᠨ ᠨᠡᠭᠦᠷᠡᠰᠦᠨ ᠬᠡᠶ ᠠᠯᠳᠠᠭᠳᠠᠭᠰᠠᠨ ᠠᠳᠡᠯ ᠤᠨ ᠰᠣᠷᠢᠯᠲᠠ ᠵᠢᠩᠬᠢᠨᠢ ᠪᠠᠷ ᠡᠬᠢᠯᠡᠵᠦ᠂ ᠡᠯ᠎ᠡ ᠰᠠᠯᠠᠭ᠎ᠠ ᠮᠥᠴᠢᠷ ᠳᠠᠷᠤᠢ ᠲᠦᠷᠭᠡᠨ ᠠᠵᠢᠯ ᠤᠨ ᠪᠡᠯᠡᠳᠬᠡᠯ ᠪᠠᠶᠢᠳᠠᠯ ᠳᠤ ᠣᠷᠣᠪᠠ᠃      ᠰᠢᠲᠠᠮᠠᠬᠠᠶ ᠬᠡᠶ ᠠᠯᠳᠠᠭᠳᠠᠬᠤ ᠠᠴᠠ ᠲᠤᠬᠠᠶ ᠶᠢᠨ ᠲᠠᠯᠠᠪᠠᠶ ᠶᠢᠨ ᠳᠠᠯᠳᠠ ᠬᠡᠮ ᠢ ᠠᠷᠢᠯᠭᠠᠬᠤ ᠬᠦᠷᠲᠡᠯ᠎ᠡ᠂ ᠣᠷᠣᠯᠴᠠᠭᠰᠠᠨ ᠬᠥᠮᠦᠰ ᠪᠥᠬᠦ ᠶᠠᠪᠤᠴᠠ ᠳᠤ ᠠᠵᠢᠯ ᠳᠤ ᠪᠠᠨ ᠳᠠᠳᠮᠠᠭᠠᠢ᠂ ᠡᠭᠦᠷᠭᠡ ᠬᠠᠷᠢᠭᠤᠴᠠᠯᠭ᠎ᠠ ᠲᠣᠳᠣᠷᠬᠠᠶ ᠪᠠᠶᠢᠵᠤ᠂ ᠴᠠᠭ ᠲᠤᠬᠠᠶ ᠳᠤᠨᠢ ᠠᠷᠭᠠᠴᠠᠭᠠᠨ᠂ ᠠᠪᠤᠷᠠᠨ ᠲᠤᠰᠠᠯᠠᠬᠤ ᠠᠵᠢᠯ ᠤᠷᠤᠭᠰᠢᠲᠠᠶ ᠶᠠᠪᠤᠭᠳᠠᠵᠤ᠂ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢᠨ ᠪᠣᠯᠪᠠᠰᠤᠷᠠᠩᠭᠤᠶ ᠪᠠ ᠪᠡᠯᠡᠳᠬᠡᠯ ᠲᠥᠰᠦᠯ ᠤᠨ ᠰᠢᠨᠵᠢᠯᠡᠬᠦ ᠤᠬᠠᠭᠠᠨᠴᠢ ᠴᠢᠨᠠᠷ ᠢ ᠬᠠᠷᠠᠭᠤᠯᠤᠨ᠂ ᠰᠣᠷᠢᠯᠲᠠ ᠶᠢᠨ ᠠᠵᠢᠯᠯᠠᠭ᠎ᠠ ᠵᠢᠱᠢᠭᠰᠡᠨ ᠬᠠᠷᠠᠯᠲᠠ ᠳᠤ ᠪᠠᠨ ᠬᠦᠷᠴᠦ ᠴᠢᠳᠠᠵᠠᠢ᠃      ᠳᠤᠰ ᠤᠳᠠᠭᠠᠨ ᠤ ᠰᠣᠷᠢᠯᠲᠠ ᠨᠢ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠲᠤᠰᠠᠯᠠᠬᠤ ᠡᠩᠨᠡᠭᠡᠨ ᠤ ᠲᠦᠷᠭᠡᠨ ᠲᠤᠰᠬᠠᠯ᠂ ᠠᠪᠤᠷᠠᠨ ᠲᠤᠰᠠᠯᠠᠬᠤ ᠴᠢᠳᠠᠪᠤᠷᠢ ᠪᠣᠯᠤᠨ ᠰᠢᠶᠳᠪᠦᠷᠢᠯᠡᠬᠦ ᠴᠢᠳᠠᠪᠤᠷᠢ ᠶᠢ ᠰᠤᠷᠢᠵᠠᠢ᠃ ᠮᠠᠨ ᠤ ᠬᠤᠰᠢᠭᠤ ᠰᠣᠷᠢᠯᠲᠠ ᠶᠢᠨ ᠳᠤᠮᠳᠠ ᠣᠷᠣᠰᠢᠵᠤ ᠪᠠᠶᠢᠭ᠎ᠠ ᠬᠦᠷᠦᠯᠴᠡᠬᠦ ᠥᠬᠡᠶ ᠲᠠᠯ᠎ᠠ ᠶᠢ ᠴᠠᠭ ᠲᠤᠬᠠᠶ ᠳᠤᠨᠢ ᠳ᠋ᠦᠩᠨᠡᠨ ᠵᠠᠳᠠᠯᠵᠤ᠂ ᠪᠡᠯᠡᠳᠬᠡᠯ ᠲᠥᠰᠦᠯ ᠲᠠᠢ ᠨᠠᠷᠢᠨ ᠬᠢᠨᠠᠮᠠᠭᠠᠶ ᠬᠠᠷᠭᠤᠭᠤᠯᠵᠤ᠂ ᠳᠤᠲᠠᠭᠤᠳᠠᠯ ᠢ ᠪᠠᠶᠢᠴᠠᠭᠠᠨ ᠨᠥᠬᠦᠪᠥᠷᠢᠯᠡᠵᠦ᠂ ᠲᠤᠷᠰᠢᠯᠭ᠎ᠠ ᠶᠢ ᠳ᠋ᠦᠩᠨᠡᠵᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠰᠢᠰᠲ᠋ᠧᠮ ᠢ ᠤᠯᠠᠮ ᠲᠡᠭᠦᠯᠳᠡᠷᠵᠢᠭᠦᠯᠵᠦ᠂ ᠡᠭᠦᠷᠭᠡ ᠬᠠᠷᠢᠭᠤᠴᠠᠯᠭ᠎ᠠ ᠪᠠᠨ ᠬᠢᠴᠢᠶᠡᠩᠭᠦᠶᠢᠯᠡᠨ ᠵᠢᠷᠤᠮᠯᠠᠭᠰᠠᠨ᠂ ᠡᠷᠳᠡᠮ ᠴᠢᠳᠠᠪᠤᠷᠢ ᠬᠤᠤᠰᠯᠠᠭᠰᠠᠨ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠡᠩᠨᠡᠭᠡ ᠶᠢ ᠪᠠᠶᠢᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠪᠤᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号