6 ᠰᠠᠷ᠎ᠠ ᠶᠢᠨ 5 ᠤ ᠡᠳᠦᠷ᠂ ᠬᠤᠰᠢᠭᠤ ᠤᠳᠤᠷᠢᠳᠤᠯᠭ᠎ᠠ ᠴᠧᠨ ᠢᠦᠢ ᠴᠧᠩ᠂ ᠸᠠᠩ ᠵᠠᠨ ᠴᠢ᠂ ᠨᠠᠰᠤᠲᠤ | ᠨᠠᠷ ᠮᠠᠨ ᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠵᠢᠱᠢᠶ᠎ᠡ | ᠦᠵᠡᠭᠦᠯᠬᠦ ᠴᠡᠭ ᠢ ᠳᠤᠭᠤᠷᠢᠨ ᠦᠵᠡᠵᠦ᠂ ᠡᠯ᠎ᠡ ᠵᠢᠱᠢᠶ᠎ᠡ ᠦᠵᠡᠭᠦᠯᠬᠦ ᠴᠡᠭ ᠤᠨ ᠪᠣᠳᠠᠲᠠᠶ ᠪᠠᠶᠢᠳᠠᠯ ᠢ ᠣᠶᠢᠯᠠᠭᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠦᠨᠳᠦᠰᠦᠨ | ᠱᠠᠲᠤᠨ ᠤ ᠰᠠᠭᠤᠷᠢ ᠶᠢ ᠪᠠᠬᠢᠵᠢᠬᠦᠯᠵᠡᠢ᠃ | ᠬᠤᠰᠢᠭᠤ ᠤᠳᠤᠷᠢᠳᠤᠯᠭ᠎ᠠ ᠨᠠᠷ ᠤᠷᠢᠳ ᠬᠤᠵᠢᠳ ᠬᠤᠰᠢᠭᠤ ᠬᠠᠮ ᠵᠠᠭᠤᠴᠢᠯᠠᠭᠤᠷ ᠤᠨ ᠲᠥᠪ᠂ ᠬᠥᠳᠡᠭᠡ | ᠲᠣᠰᠬᠤᠨ ᠤ ᠢᠲᠡᠭᠡᠮᠵᠢ ᠶᠢᠨ ᠬᠠᠮᠳᠤᠷᠠᠭᠰᠠᠨ ᠬᠤᠷᠰᠢᠶ᠎ᠠ᠂ ᠲᠦᠢᠮᠡᠷ ᠰᠡᠷᠭᠡᠶᠢᠯᠡᠵᠦ ᠲᠦᠢᠮᠡᠷ ᠤᠨᠲᠠᠷᠠᠭᠠᠬᠤ ᠠᠪᠤᠷᠠᠨ | ᠲᠤᠰᠠᠯᠠᠬᠤ ᠶᠡᠭᠡ ᠠᠩᠭᠢ᠂ ᠲᠠᠪᠤᠳᠤᠭᠠᠷ ᠪᠠᠭ᠎ᠠ ᠰᠤᠷᠭᠠᠭᠤᠯᠢ᠂ ᠤᠯᠠᠭᠠᠨᠮᠥ᠋ᠴᠢᠷ ᠠᠭᠤᠳᠠᠮ ᠲᠠᠯᠠᠪᠠᠶ᠂ | ᠤᠯᠠᠭᠠᠨᠮᠥ᠋ᠴᠢᠷ ᠤᠨ ᠦᠵᠡᠬᠦᠯᠦᠯᠬᠡ ᠶᠢᠨ ᠲᠢᠩᠬᠢᠮ ᠵᠢᠴᠢ ᠰᠠᠩᠪᠤᠯᠠᠭ ᠰᠤᠮᠤ ᠪᠠ ᠰᠠᠩᠪᠤᠯᠠᠭ ᠰᠤᠮᠤᠨ ᠤ ᠪᠠᠶᠠᠨ | ᠠᠭᠤᠯᠠ ᠭᠠᠴᠠᠭ᠎ᠠ ᠳᠤ ᠬᠦᠷᠴᠦ ᠲᠣᠭᠤᠷᠢᠨ ᠦᠵᠡᠪᠡ᠃ ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ᠂ | ᠳᠠᠨᠢᠯᠴᠠᠭᠤᠯᠭ᠎ᠠ ᠰᠣᠨᠣᠰᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ ᠭᠢᠯᠠᠰ ᠴᠡᠭ ᠢ ᠦᠵᠡᠵᠦ᠂ ᠰᠠᠨᠠᠭᠤᠯᠭ᠎ᠠ | ᠳᠤᠷᠠᠳᠤᠨ᠂ ᠳᠡᠭᠡᠭᠰᠢᠯᠡᠯᠲᠡ ᠶᠢ ᠠᠬᠢᠭᠤᠯᠵᠠᠢ᠃ ᠣᠯᠠᠨ ᠢᠶᠠᠷ ᠢᠶᠠᠨ ᠳᠤᠭᠤᠷᠢᠨ ᠦᠵᠡᠬᠦ ᠶᠢᠨ ᠳᠠᠭᠠᠤ ᠭᠠᠷ ᠤᠲᠠᠰᠤ | ᠪᠠᠷ ᠰᠢᠨ᠎ᠡ ᠶᠢ ᠡᠭᠦᠳᠦᠭᠰᠡᠨ ᠬᠢᠯᠠᠰ ᠴᠡᠭ ᠢ ᠰᠡᠭᠦᠳᠡᠷᠯᠡᠨ ᠲᠡᠮᠳᠡᠭᠯᠡᠵᠦ᠂ ᠠᠵᠢᠯ ᠤᠨ ᠰᠡᠳᠬᠢᠮᠵᠢ᠂ ᠡᠭᠦᠳᠦᠨ | ᠪᠠᠶᠢᠭᠤᠯᠤᠭᠰᠠᠨ ᠲᠤᠷᠰᠢᠯᠭ᠎ᠠ ᠶᠢ ᠨᠢ ᠤᠶᠢᠯᠠᠭᠠᠵᠠᠢ᠃ | ᠴᠧᠨ ᠢᠦ᠋ᠢ ᠴᠧᠩ ᠴᠢᠬᠤᠯᠠᠴᠢᠯᠠᠭᠰᠠᠨ ᠨᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ | ᠶᠢᠨ ᠤᠬᠠᠮᠰᠠᠷ ᠢ ᠪᠠᠲᠤ ᠴᠣᠭᠴᠠᠯᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠦᠷᠭᠦᠯᠵᠢᠯᠡᠨ | ᠴᠢᠩᠭᠠᠳᠬᠠᠬᠤ ᠪᠣᠯ ᠨᠢᠭᠡᠨ ᠤᠷᠳᠤ ᠬᠤᠭᠤᠴᠠᠭᠠᠨ ᠤ ᠴᠢᠨᠠᠷᠲᠠᠢ ᠠᠵᠢᠯ ᠪᠣᠯᠤᠨ᠎ᠠ᠃ ᠪᠥᠬᠦ ᠬᠤᠰᠢᠭᠤ ᠪᠠᠷ ᠢᠶᠠᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠬᠦᠭᠵᠢᠯᠳᠡ ᠶᠢ ᠠᠬᠢᠭᠤᠯᠵᠤ᠂ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠬᠠᠮᠳᠤᠷᠠᠯᠴᠠᠭ᠎ᠠ ᠶᠢ ᠪᠥᠬᠦ ᠲᠠᠯ᠎ᠠ ᠪᠠᠷ ᠠᠬᠢᠭᠤᠯᠬᠤ | ᠬᠡᠷᠡᠭᠲᠡᠶ᠃ ᠡᠯ᠎ᠡ ᠰᠠᠯᠠᠭ᠎ᠠ ᠮᠥᠴᠢᠷ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠦᠶᠯᠡᠳᠦᠯ ᠴᠢᠳᠠᠪᠬᠢ | ᠪᠠᠨ ᠪᠠᠳᠠᠷᠠᠭᠤᠯᠤᠨ᠂ ᠦᠷ᠎ᠡ ᠪᠦᠲᠦᠭᠡᠯ ᠢᠶᠠᠨ ᠪᠠᠬᠢᠵᠢᠭᠦᠯᠬᠦ ᠶᠢᠨ ᠬᠠᠮᠲᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ | ᠬᠠᠷᠢᠭᠤᠴᠠᠯᠭ᠎ᠠ ᠪᠠᠨ ᠪᠠᠲᠤᠳᠬᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠶᠯᠡᠰ ᠤᠨ ᠰᠢᠨ᠎ᠡ ᠪᠠᠶᠢᠳᠠᠯ | ᠢ ᠲᠠᠰᠤᠷᠠᠯᠲᠠ ᠥᠬᠡᠶ ᠡᠭᠦᠳᠬᠦ ᠬᠡᠷᠡᠭᠲᠡᠶ᠃ ᠡᠯ᠎ᠡ ᠰᠤᠮᠤ ᠪᠠᠯᠭᠠᠰᠤ ᠣᠯᠠᠨ ᠠᠷᠭ᠎ᠠ ᠵᠠᠮ ᠢᠶᠠᠷ ᠤᠬᠠᠭᠤᠯᠭ᠎ᠠ | ᠬᠥᠮᠦᠵᠢᠯ ᠪᠠ ᠡᠭᠦᠳᠦᠨ ᠪᠠᠶᠢᠭᠤᠯᠬᠤ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠬᠠᠷᠢᠯᠴᠠᠬᠤ ᠴᠡᠭ ᠪᠠ | ᠭᠠᠷᠳᠠᠬᠤ ᠴᠡᠭ ᠢᠶᠠᠨ ᠣᠨᠣᠪᠴᠢᠲᠠᠢ ᠣᠯᠵᠤ᠂ ᠡᠭᠦᠳᠦᠨ ᠪᠠᠶᠢᠭᠤᠯᠬᠤ ᠡᠯ᠎ᠡ ᠲᠥᠷᠥᠯ ᠤᠨ ᠠᠵᠢᠯ ᠢ ᠪᠣᠳᠠᠲᠠᠢ ᠳᠤ | ᠨᠠᠶᠢᠳᠠᠪᠤᠷᠢᠵᠢᠭᠤᠯᠬᠤ᠂ ᠪᠣᠳᠠᠲᠤ ᠦᠷ᠎ᠡ ᠪᠦᠲᠦᠮᠵᠢ ᠣᠯᠬᠤ ᠶᠢ ᠪᠠᠳᠤᠯᠠᠬᠤ ᠬᠡᠷᠡᠭᠳᠡᠢ᠃ ᠡᠯ᠎ᠡ ᠵᠢᠱᠢᠶ᠎ᠡ ᠦᠵᠡᠭᠦᠯᠬᠦ | ᠴᠡᠭ ᠠᠵᠢᠯ ᠤᠨ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠢ ᠥᠷᠭᠡᠨ ᠢᠶᠠᠷ ᠴᠤᠭᠯᠠᠭᠤᠯᠵᠤ᠂ ᠬᠠᠷᠢᠯᠴᠠᠨ | ᠰᠤᠷᠤᠯᠴᠠᠵᠤ ᠲᠤᠷᠰᠢᠯᠭ᠎ᠠ ᠪᠠᠨ ᠰᠣᠯᠢᠯᠴᠠᠨ᠂ ᠳᠤᠲᠠᠭᠤᠳᠠᠯ ᠢᠶᠠᠨ ᠡᠷᠢᠵᠦ᠂ ᠰᠡᠳᠬᠢᠴᠡ ᠪᠠᠨ ᠥᠷᠭᠡᠳᠬᠡᠨ᠂ ᠪᠥᠬᠦ | ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠬᠡᠷᠡᠭᠲᠡᠶ ᠬᠡᠵᠡᠢ᠃ | ᠪᠤᠰᠤᠳ ᠤᠳᠤᠷᠢᠳᠤᠯᠭ᠎ᠠ ᠨᠠᠷ ᠪᠠᠰᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ︽ | ᠬᠥᠲᠥᠯᠪᠦᠷᠢ︾ ᠮᠥᠨ᠃ ᠡᠯ᠎ᠡ ᠵᠢᠱᠢᠶ᠎ᠡ ᠦᠵᠡᠭᠦᠯᠬᠦ ᠴᠡᠭ ᠲᠣᠰ ᠤᠳᠠᠭᠠᠨ ᠤ ᠲᠣᠭᠤᠷᠢᠨ ᠦᠵᠡᠵᠦ ᠰᠤᠷᠤᠯᠴᠠᠬᠤ | ᠪᠠᠷ ᠠᠨᠢᠰᠤ ᠪᠣᠯᠭᠠᠨ᠂ ᠦᠨᠳᠦᠰᠦᠲᠡᠨ ᠤ ᠪᠦᠯᠬᠦᠮᠳᠡᠯ ᠪᠠ ᠭᠤᠤᠯ ᠬᠠᠷᠢᠭᠤᠴᠠᠯᠭ᠎ᠠ ᠭᠤᠤᠯ ᠠᠵᠢᠯ ᠢ ᠣᠷᠭᠠᠨᠢᠭ | ᠢᠶᠠᠷ ᠤᠶᠠᠯᠳᠤᠭᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠭᠤᠤᠯᠳᠠᠯᠭ᠎ᠠ ᠶᠢ ᠠᠳᠬᠤᠨ᠂ ᠣᠨᠴᠠᠯᠢᠭ | ᠢᠶᠠᠨ ᠢᠯᠡᠷᠡᠭᠦᠯᠵᠦ᠂ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠶᠢᠨ ︽ᠪᠣᠶ ᠪᠣᠯᠭᠠᠵᠤ ᠳᠡᠶᠢᠯᠬᠦ᠂ ᠪᠠᠶᠢᠭᠤᠯᠵᠤ | ᠳᠡᠶᠢᠯᠬᠦ᠂ ᠳᠡᠯᠭᠡᠷᠡᠭᠦᠯᠵᠦ ᠳᠡᠶᠢᠯᠬᠦ︾ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ ᠬᠡᠵᠦ ᠵᠢᠭᠠᠵᠠᠢ᠃ | ᠣᠶᠢᠯᠠᠭᠠᠭᠰᠠᠨ ᠢᠶᠠᠷ᠂ ᠲᠣᠭᠤᠷᠢᠨ ᠦᠵᠡᠬᠦ ᠠᠵᠢᠯᠯᠠᠭ᠎ᠠ ᠳᠠᠭᠤᠰᠤᠭᠰᠠᠨ ᠤ ᠳᠠᠷᠠᠭ᠎ᠠ ᠡᠯ᠎ᠡ ᠵᠢᠱᠢᠶ᠎ᠡ | ᠦᠵᠡᠭᠦᠯᠬᠦ ᠴᠡᠭ ᠨᠢ ᠪᠠᠰᠠ᠂ ᠬᠤᠰᠢᠭᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ | ᠠᠯᠪᠠᠨ ᠬᠡᠷ ᠲᠠᠢ ᠢᠳᠡᠪᠬᠢᠲᠡᠶ ᠬᠠᠷᠢᠯᠴᠠᠵᠤ᠂ ᠤᠷᠤᠰᠢᠵᠤ ᠪᠠᠶᠢᠭ᠎ᠠ ᠠᠰᠠᠭᠤᠳᠠᠯ ᠢ ᠰᠢᠶᠳᠪᠦᠷᠢᠯᠡᠬᠦ ᠰᠠᠨᠠᠭᠤᠯᠭ᠎ᠠ ᠶᠢ | ᠶᠠᠷᠢᠯᠴᠠᠭᠰᠠᠨ ᠤ ᠬᠠᠮᠳᠤ ᠥᠭᠡᠷᠡᠴᠢᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠰᠤᠳᠤᠯᠪᠠ᠃ | | | | |