ᠮᠠᠨ ᠤ ᠬᠤᠰᠢᠭᠤ 2024 ᠣᠨ ᠤ ᠪᠦᠬᠦ ᠬᠤᠰᠢᠭᠤᠨ ᠤ 12345 ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠬᠠᠯᠠᠮᠰᠢᠯ ᠤᠲᠠᠰᠤᠨ ᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/6
     6 ᠳ᠋ᠤᠭᠠᠷ ᠰᠠᠷ᠎ᠠ ᠶᠢᠨ 5 ᠤ ᠡᠳᠦᠷ᠂ ᠮᠠᠨ ᠤ ᠬᠤᠰᠢᠭᠤ 2024 ᠣᠨ ᠤ ᠪᠦᠬᠦ ᠬᠤᠰᠢᠭᠤᠨ ᠤ 12345 ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠬᠠᠯᠠᠮᠰᠢᠯ ᠤᠳᠠᠰᠤᠨ ᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃      ᠪᠦᠬᠦ ᠬᠤᠰᠢᠭᠤᠨ ᠤ 12345 ᠬᠠᠯᠠᠮᠰᠢᠯ ᠤᠳᠠᠰᠤᠨ ᠤ ᠠᠵᠢᠯ ᠢ ᠭᠦᠢᠴᠡᠳᠬᠡᠭᠰᠡᠨ ᠪᠠᠶᠢᠳᠠᠯ ᠢ ᠮᠡᠳᠡᠭᠳᠡᠵᠦ ᠂ ᠬᠠᠯᠠᠮᠰᠢᠯ ᠤᠳᠠᠰᠤᠨ ᠤ ᠬᠠᠮᠤᠭ ᠰᠢᠨ᠎ᠡ ᠠᠵᠢᠯ ᠤᠨ ᠲᠣᠭᠲᠠᠴᠠ ᠪᠠ ᠬᠠᠯᠠᠮᠰᠢᠯ ᠤᠳᠠᠰᠤᠨ ᠤ ᠠᠵᠢᠯ ᠢ ᠭᠦᠢᠴᠡᠳᠬᠡᠬᠦ ᠱᠠᠭᠠᠷᠳᠠᠯᠭ᠎ᠠ ᠵᠢᠴᠢ ᠬᠠᠮᠢᠶ᠎ᠠ ᠪᠦᠬᠦᠢ ᠵᠤᠶᠢᠯᠡᠰ ᠢ ᠲᠠᠶᠢᠯᠪᠤᠷᠢᠯᠠᠵᠤ᠂ ᠳᠠᠷᠠᠭᠠᠴᠢ ᠶᠢᠨ ᠠᠯᠬᠤᠮ ᠤᠨ ᠠᠵᠢᠯ ᠢ ᠪᠠᠶᠢᠷᠢᠯᠠᠭᠤᠯᠪᠠ᠃ ᠬᠤᠰᠢᠭᠤ ᠤᠳᠤᠷᠢᠳᠤᠯᠭ᠎ᠠ ᠵᠧᠦ ᠭᠤᠸᠠᠨ ᠨᠠᠨ ᠬᠤᠷᠠᠯ ᠡᠷᠬᠢᠯᠡᠪᠡ᠃       ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠡᠨᠡ ᠵᠢᠯ ᠠᠴᠠ ᠨᠠᠰᠢᠬᠢ ᠬᠠᠯᠠᠮᠰᠢᠯ ᠤᠳᠠᠰᠤᠨ ᠤ ᠠᠵᠢᠯ ᠢ ᠭᠦᠢᠴᠡᠳᠬᠡᠭᠰᠡᠨ ᠪᠠᠶᠢᠳᠠᠯ ᠢᠶᠠᠨ ᠰᠢᠰᠲ᠋ᠧᠮᠲᠦ ᠴᠢᠨᠠᠷᠲᠠᠢ ᠡᠮᠬᠢᠯᠡᠵᠦ᠂ ᠲᠤᠷᠰᠢᠯᠭ᠎ᠠ ᠪᠠᠨ ᠪᠦᠬᠦ ᠲᠠᠯ᠎ᠠ ᠪᠠᠷ ᠳ᠋ᠦᠩᠨᠡᠨ᠂ ᠡᠯ᠎ᠡ ᠵᠦᠢᠯ ᠤᠨ ᠠᠰᠠᠭᠤᠳᠠᠯ ᠢ ᠡᠷᠢᠨ ᠭᠠᠷᠭᠠᠵᠦ᠂ ᠠᠷᠭ᠎ᠠ ᠬᠡᠯᠪᠡᠷᠢ ᠪᠠᠨ ᠰᠠᠶᠢᠵᠢᠷᠠᠭᠤᠯᠤᠨ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠬᠤ ᠬᠡᠷᠡᠭᠲᠡᠢ᠃ ᠣᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠬᠦ ᠪᠠ ᠰᠢᠢᠳᠪᠦᠷᠢᠯᠡᠬᠦ ᠶᠢ ᠠᠵᠢᠯ ᠤᠨ ᠢᠶᠠᠨ ᠵᠣᠷᠢᠯᠲᠠ ᠪᠣᠯᠭᠠᠵᠤ᠂ ᠠᠷᠭ᠎ᠠ ᠬᠡᠮᠵᠢᠶ᠎ᠡ ᠶᠢᠨ ᠲᠠᠯ᠎ᠠ ᠪᠠᠷ ᠲᠠᠰᠤᠷᠠᠯᠲᠠ ᠥᠬᠡᠶ ᠰᠢᠨ᠎ᠡ ᠶᠢ ᠡᠭᠦᠳᠴᠦ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠬᠠᠯᠠᠮᠰᠢᠯ ᠤᠲᠠᠰᠤ ᠶᠢ ᠰᠠᠶᠢᠲᠤᠷ ᠬᠠᠮᠢᠶᠠᠷᠴᠤ᠂ ᠰᠠᠶᠢᠲᠤᠷ ᠬᠡᠷᠡᠭᠯᠡᠨ᠂ ᠰᠠᠶᠢᠲᠤᠷ ᠠᠰᠢᠭᠯᠠᠵᠦ᠂ ᠣᠯᠠᠨ ᠲᠦᠮᠡᠨ ᠤ ᠰᠡᠳᠬᠢᠯ ᠬᠠᠨᠤᠮᠵᠢᠲᠠᠢ ᠪᠠᠶᠢᠬᠤ ᠪᠠᠷ ᠲᠡᠷᠢᠬᠦᠨ ᠪᠠᠷᠢᠮᠵᠢᠶ᠎ᠠ ᠪᠣᠯᠭᠠᠵᠤ᠂ ᠣᠯᠠᠨ ᠲᠦᠮᠡᠨ ᠤ ᠲᠤᠰᠬᠠᠭᠰᠠᠨ ᠬᠦᠰᠡᠯ ᠱᠠᠭᠠᠷᠳᠠᠯᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠰᠢᠢᠳᠪᠦᠷᠢᠯᠡᠵᠦ᠂ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号