ᠳᠣᠲᠣᠭᠠᠳᠤ ᠶᠢ ᠬᠠᠮᠠᠭᠠᠯᠠᠬᠤ ᠳᠤᠪᠴᠢᠶ᠎ᠠ ︽ᠨᠢᠭᠡ ᠥᠷᠲᠡᠭᠡ ᠮᠠᠶ᠋ᠢᠭ︾᠎ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡ ᠪᠠᠷ ᠣᠯᠠᠨ ᠲᠦᠮᠡᠨ ᠳᠤ ᠲᠦᠭᠦᠮ ᠦᠵᠡᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2024/6/8
      ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠣᠮᠢᠯᠠᠭᠰᠠᠨ ᠰᠠᠯᠪᠤᠷᠢ ᠶᠢᠨ ︽ᠨᠢᠭᠡ ᠥᠷᠲᠡᠭᠡ ᠮᠠᠶ᠋ᠢᠭ︾᠎ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡ᠂ ︽ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠶᠳᠪᠦᠷᠢᠯᠡᠬᠦ᠂ ᠨᠢᠭᠡ ᠴᠠᠭᠳᠠᠭ᠎ᠠ ᠣᠯᠠᠨ ᠴᠢᠳᠠᠪᠤᠷᠢ ᠲᠠᠢ ᠪᠠᠶᠢᠬᠤ︾ ᠵᠠᠰᠠᠭ ᠤᠨ ᠶᠠᠪᠤᠳᠠᠯ ᠤᠨ ᠰᠢᠨ᠎ᠡ ᠪᠠᠶᠢᠷᠢᠰᠢᠭᠤᠯᠤᠯᠲᠠ ᠶᠢ ᠢᠳᠡᠪᠬᠢᠲᠡᠶ ᠰᠦᠪᠡᠭᠴᠢᠯᠡᠨ ᠪᠠᠶᠢᠭᠤᠯᠵᠤ᠂ ᠦᠢᠯᠡᠴᠢᠯᠡᠭᠡ ᠪᠠᠨ ᠰᠢᠯᠢᠳᠡᠭᠵᠢᠬᠦᠯᠦᠨ᠂ ᠣᠯᠠᠨ ᠲᠦᠮᠡᠨ ᠤ ᠠᠵᠢᠯ ᠶᠠᠪᠤᠳᠠᠯ ᠬᠦᠢᠴᠡᠳᠭᠡᠬᠦᠯᠬᠦ ᠴᠠᠭ ᠢ ᠠᠷᠪᠢᠯᠠᠵᠤ᠂ ᠠᠵᠢᠯ ᠶᠠᠪᠤᠳᠠᠯ ᠭᠦᠶᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠣᠯᠠᠨ ᠲᠦᠮᠡᠨ ᠤ ᠰᠠᠶᠢᠨ ᠦᠨᠡᠯᠡᠯᠳᠡ ᠶᠢ ᠤᠯᠵᠤ ᠪᠠᠶᠢᠨ᠎ᠠ᠃      ᠣᠶᠢᠷ᠎ᠠ ᠳᠤ᠂ ᠵᠢᠷᠦᠬᠡ ᠪᠠᠯᠭᠠᠰᠤᠨ ᠳᠤ ᠠᠵᠢᠯᠯᠠᠵᠤ ᠪᠠᠶᠢᠭ᠎ᠠ ᠭᠠᠳᠠᠷ ᠣᠷᠣᠨ ᠤ ᠰᠠᠭᠤᠭᠠᠯᠢ ᠠᠷᠠᠳ ᠵᠣᠣ ᠬᠤᠩ ᠮᠢᠩ ᠵᠢᠯᠣᠭᠤᠴᠢ ᠶᠢᠨ ᠦᠨᠡᠮᠯᠡᠯ ᠢᠶᠠᠨ ᠭᠡᠭᠡᠭᠰᠡᠨ ᠠᠴᠠ ᠪᠣᠯᠵᠣ ᠭᠠᠷᠴᠤ ᠤᠷᠤᠬᠤ ᠳᠤ ᠲᠦᠭᠦᠮ ᠦᠬᠡᠢ ᠪᠤᠯᠤᠭᠠᠳ ᠪᠠᠶᠢᠬᠤ ᠳᠤ᠂ ᠵᠢᠷᠦᠬᠡ ᠪᠠᠯᠭᠠᠰᠤᠨ ᠳᠤ ︽ᠨᠢᠭᠡ ᠥᠷᠲᠡᠭᠡ ᠮᠠᠶ᠋ᠢᠭ︾᠎ ᠤᠨ ᠲᠣᠮᠢᠯᠠᠭᠰᠠᠨ ᠰᠠᠯᠪᠤᠷᠢ ᠪᠠᠶᠢᠭᠤᠯᠤᠭᠳᠠᠭᠰᠠᠨ ᠳᠤᠬᠠᠢ ᠰᠤᠨᠤᠰᠤᠭᠠᠳ᠂ ᠲᠡᠷᠡ ᠳᠠᠷᠤᠢ ᠬᠦᠷᠴᠦ ᠢᠷᠡᠨ᠂ ᠳᠠᠪᠤᠬᠠᠨ ᠮᠢᠨᠦ᠋ᠲ ᠤᠨ ᠳᠤᠳᠤᠷ᠎ᠠ ᠦᠨᠡᠮᠯᠡᠯ ᠢᠶᠠᠨ ᠨᠦᠬᠦᠵᠦ ᠪᠦᠷᠢᠳᠭᠡᠬᠦᠯᠦᠭᠰᠡᠨ ᠳᠤ ᠪᠠᠨ ᠮᠠᠰᠢ ᠬᠠᠨᠤᠮᠵᠢᠳᠠᠢ ᠪᠠᠶᠢᠯ᠎ᠠ᠃      ᠵᠢᠷᠦᠬᠡ ᠪᠠᠯᠭᠠᠰᠤᠨ ᠤ ᠲᠣᠮᠢᠯᠠᠭᠰᠠᠨ ᠰᠠᠯᠪᠤᠷᠢ ᠪᠣᠯ ᠬᠤᠰᠢᠭᠤ ᠳᠣᠲᠣᠭᠠᠳᠤ ᠶᠢ ᠬᠠᠮᠠᠭᠠᠯᠠᠬᠤ ᠳᠤᠪᠴᠢᠶᠠᠨ ᠤ ᠢᠯᠡᠷᠭᠡᠶᠢᠯᠡᠯ ᠡᠯᠭᠦᠭᠰᠡᠨ ︽ᠨᠢᠭᠡ ᠥᠷᠲᠡᠭᠡ ᠮᠠᠶ᠋ᠢᠭ︾᠎ ᠤᠨ ᠲᠣᠮᠢᠯᠠᠭᠰᠠᠨ ᠰᠠᠯᠪᠤᠷᠢ ᠶᠢᠨ ᠳᠣᠲᠣᠷᠠᠬᠢ ᠨᠢᠭᠡ ᠪᠣᠯᠤᠨ᠎ᠠ᠃ 2023 ᠣᠨ ᠳᠤ᠂ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠨᠢᠭᠡ ᠴᠣᠩᠬᠤᠪᠴᠢ ᠪᠠᠷ ᠨᠡᠶᠢᠳᠡᠮ ᠭᠦᠶᠴᠡᠳᠬᠡᠬᠦ︾ ᠥᠭᠡᠷᠡᠴᠢᠯᠡᠯᠲᠡ ᠶᠢ ᠪᠥᠬᠦ ᠲᠠᠯ᠎ᠠ ᠪᠠᠷ ᠠᠬᠢᠭᠤᠯᠵᠤ᠂ ᠲᠣᠮᠢᠯᠠᠭᠰᠠᠨ ᠰᠠᠯᠪᠤᠷᠢ ᠶᠢᠨ ᠤᠤᠯ ᠎ ᠤᠨ ᠡᠷᠦᠬᠡ ᠠᠮᠠ ᠶᠢᠨ ︽ᠲᠤᠰᠬᠠᠶ ᠴᠣᠩᠬᠤᠪᠴᠢ︾᠎ ᠶᠢ ᠳᠣᠲᠣᠭᠠᠳᠤ ᠶᠢ ᠬᠠᠮᠠᠭᠠᠯᠠᠬᠤ ᠶᠡᠷᠦᠩᠬᠡᠶᠢᠯᠡᠭᠰᠡᠨ ᠦᠶᠯᠡᠴᠢᠯᠡᠭᠡᠨ ᠤ ᠴᠣᠩᠬᠤᠪᠴᠢ ᠪᠣᠯᠭᠠᠨ ᠲᠠᠰ ᠳᠡᠪᠰᠢᠭᠦᠯᠵᠦ᠂ ᠠᠮᠤᠷ ᠢ ᠬᠠᠮᠠᠭᠠᠯᠠᠬᠤ᠂ ᠵᠠᠮ ᠬᠠᠷᠢᠯᠴᠠᠭᠠᠨ ᠤ ᠬᠠᠮᠢᠶᠠᠷᠤᠯᠲᠠ᠂ ᠬᠢᠯᠢ ᠪᠠᠷ ᠣᠷᠣᠵᠤ ᠭᠠᠷᠬᠤ ᠵᠡᠷᠭᠡ ᠲᠤᠬᠠᠶᠢᠯᠠᠭᠰᠠᠨ ᠠᠵᠢᠯ ᠢ ᠪᠦᠬᠦᠨ ᠢ ᠲᠣᠮᠢᠯᠠᠭᠰᠠᠨ ᠰᠠᠯᠪᠤᠷᠢ ᠎ ᠳᠤ ᠪᠠᠭᠤᠯᠭᠠᠵᠤ᠂ ᠣᠯᠠᠨ ᠲᠦᠮᠡᠨ ᠳᠤ ᠣᠶᠢᠷ᠎ᠠ ᠬᠠᠪᠢ ᠳᠤ ᠪᠠᠨ ᠲᠤᠬᠠᠶᠢᠯᠠᠭᠰᠠᠨ ᠠᠵᠢᠯ ᠢᠶᠠᠨ ᠬᠦᠢᠴᠡᠳᠬᠡᠬᠦᠯᠬᠦ ᠪᠤᠯᠤᠮᠵᠢ ᠬᠠᠩᠭᠠᠵᠠᠢ᠃ ᠴᠣᠩᠬᠤᠪᠴᠢ ᠶᠢᠨ ᠴᠠᠭᠳᠠᠭᠠᠨ ᠤ ᠶᠠᠪᠤᠳᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠲᠠᠰᠤᠷᠠᠯᠲᠠ ᠥᠬᠡᠶ ᠰᠢᠯᠢᠳᠡᠭᠵᠢᠭᠦᠯᠬᠦ᠂ ᠶᠡᠷᠦᠩᠬᠡᠶᠢᠯᠡᠭᠰᠡᠨ ᠴᠣᠩᠬᠤᠪᠴᠢ ᠶᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠬᠤ ᠪᠠᠷ ᠳᠠᠮᠵᠢᠭᠤᠯᠤᠨ᠂ ᠲᠣᠮᠢᠯᠠᠭᠰᠠᠨ ᠰᠠᠯᠪᠤᠷᠢ ᠶᠢᠨ ︽ᠨᠢᠭᠡ ᠥᠷᠲᠡᠭᠡ ᠮᠠᠶ᠋ᠢᠭ︾᠎ ᠤᠨ ᠪᠣᠳᠠᠲᠤ ᠴᠣᠭᠴᠠᠵᠢᠭᠤᠯᠬᠤ ᠪᠠᠶᠢᠭᠤᠯᠤᠯᠲᠠ ᠪᠠ ᠡᠷᠬᠡ ᠮᠡᠳᠡᠯ ᠤᠨ ᠬᠡᠪᠴᠢᠶᠡᠨ ᠤ ᠦᠶᠯᠡᠴᠢᠯᠡᠭᠡᠨ ᠤ ᠵᠦᠶᠯᠡᠰ ᠤᠨ ᠡᠷᠬᠡ ᠣᠯᠭᠤᠯᠲᠠ ᠶᠢ ᠠᠯᠬᠤᠮ ᠠᠯᠬᠤᠮ ᠢᠶᠠᠷ ᠠᠬᠢᠭᠤᠯᠵᠤ᠂ ᠬᠤᠰᠢᠭᠤ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ᠂ ᠰᠤᠮᠤ ᠪᠠᠯᠭᠠᠰᠤᠨ ᠤ ᠲᠣᠮᠢᠯᠠᠭᠰᠠᠨ ᠰᠠᠯᠪᠤᠷᠢ ᠶᠢᠨ ᠬᠡᠯᠬᠢᠶᠡᠵᠢᠭᠰᠡᠨ ᠦᠶᠯᠡᠴᠢᠯᠡᠭᠡᠨ ᠤ ᠵᠠᠭᠪᠤᠷ ᠢ ᠪᠣᠶ ᠪᠣᠯᠭᠠᠨ᠂ ︽ᠴᠠᠭᠳᠠᠭᠠᠨ ᠤ ᠲᠥᠷᠥᠯ ᠢ ᠡᠷᠢᠬᠦ ᠥᠬᠡᠶ᠂ ᠣᠷᠣᠨ ᠪᠦᠰᠡ ᠬᠤᠪᠢᠶᠠᠬᠤ ᠥᠬᠡᠶ᠂ ᠨᠢᠭᠡ ᠯᠡ ᠤᠳᠠᠭ᠎ᠠ ᠳᠤ ᠬᠦᠢᠴᠡᠳᠬᠡᠬᠦ︾᠎ ᠶᠢ ᠦᠨᠡᠨᠬᠦ ᠪᠡᠶᠡᠯᠡᠭᠦᠯᠵᠦ᠂ ᠬᠠᠷᠢᠶ᠎ᠠ ᠣᠷᠣᠨ ᠤ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ ᠬᠠᠩᠭᠠᠨ᠂ ᠳᠣᠲᠣᠭᠠᠳᠤ ᠶᠢ ᠬᠠᠮᠠᠭᠠᠯᠠᠬᠤ ᠥᠨᠳᠥᠷ ᠪᠦᠲᠦᠮᠵᠢᠲᠡᠶ ᠦᠶᠯᠡᠴᠢᠯᠡᠭᠡᠨ ᠤ ᠣᠶᠢᠷ᠎ᠠ ᠬᠠᠪᠢ ᠳᠤ ᠪᠠᠨ ᠭᠦᠶᠴᠡᠳᠬᠡᠬᠦ ᠶᠢ ᠦᠨᠡᠨᠬᠦ ᠪᠡᠶᠡᠯᠡᠬᠦᠯᠵᠡᠢ᠃      ᠣᠳᠣᠬᠠᠨ ᠪᠣᠯᠲᠠᠯ᠎ᠠ᠂ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢᠭᠡᠨᠲᠡ 50 %᠎ ᠶᠢᠨ ᠡᠷᠦᠬᠡ ᠠᠮᠠ ᠶᠢᠨ ᠬᠠᠷᠢᠶᠠᠨ ᠤ ᠲᠣᠮᠢᠯᠠᠭᠰᠠᠨ ᠰᠠᠯᠪᠤᠷᠢ ᠳᠤ ᠶᠡᠷᠦᠩᠬᠡᠶᠢᠯᠡᠭᠰᠡᠨ ᠴᠤᠩᠬᠤᠪᠴᠢ ᠪᠠᠶᠢᠭᠤᠯᠵᠤ᠂ 3 ᠳᠤᠮᠢᠯᠠᠭᠰᠠᠨ ᠰᠠᠯᠪᠤᠷᠢ ᠳᠤ ︽ᠨᠢᠭᠡ ᠥᠷᠲᠡᠭᠡ ᠮᠠᠶ᠋ᠢᠭ︾᠎ ᠤᠨ ᠲᠣᠮᠢᠯᠠᠭᠰᠠᠨ ᠰᠠᠯᠪᠤᠷᠢ ᠶᠢᠨ ᠢᠯᠡᠷᠭᠡᠶᠢᠯᠡᠯ ᠡᠯᠭᠦᠨ᠂ ︽ᠨᠢᠭᠡ ᠴᠣᠩᠬᠤᠪᠴᠢ ᠪᠠᠷ ᠨᠡᠶᠢᠳᠡᠮ ᠭᠦᠶᠴᠡᠳᠬᠡᠬᠦ︾ 241 ᠵᠦᠶᠯᠡᠰ ᠢ ᠢᠯᠡ ᠪᠣᠯᠭᠠᠪᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号