ᠬᠤᠰᠢᠭᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ 2024 ᠣᠨ ᠤ 8 ᠳ᠋ᠤᠭᠠᠷ ᠤᠳᠠᠭᠠᠨ ᠤ ᠰᠤᠷᠤᠯᠴᠠᠯᠭ᠎ᠠ ᠦᠷᠨᠢᠬᠦᠯᠦᠭᠰᠡᠨ
ᠨᠡᠶᠢᠲᠡᠯᠡᠭᠰᠡᠨ ᠴᠠᠭ᠄
2024/6/8
      ᠤᠶᠢᠷ᠎ᠠ ᠶᠢᠨ ᠡᠳᠦᠷ᠂ ᠬᠤᠰᠢᠭᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ 2024 ᠣᠨ ᠤ 8 ᠳ᠋ᠤᠭᠠᠷ ᠤᠳᠠᠭᠠᠨ ᠤ ᠰᠤᠷᠤᠯᠴᠠᠯᠭ᠎ᠠ ᠶᠢᠨ ᠬᠤᠷᠠᠯ ᠢ ᠥᠷᠨᠢᠭᠦᠯᠵᠦ᠂ ︽ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ︾ ᠶᠢ ᠲᠤᠰᠬᠠᠢ ᠰᠡᠳᠦᠪ ᠢᠶᠠᠷ ᠰᠤᠷᠤᠯᠴᠠᠪᠠ᠃        ᠬᠤᠷᠠᠯ ᠠᠴᠠ ︽ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠲᠤᠬᠠᠢ ᠮᠡᠳᠡᠭᠳᠡᠯ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠵᠤ᠂ ᠬᠤᠷᠠᠯ ᠳᠤ ᠣᠷᠣᠯᠴᠠᠭᠰᠠᠨ ᠬᠡᠰᠡᠭ ᠤᠳᠤᠷᠢᠳᠤᠯᠭ᠎ᠠ ︽ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ︾ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠬᠤᠰᠢᠭᠤ ᠨᠠᠮ ᠤᠨ ᠬᠤᠷᠢᠶᠠᠨ ᠤ ᠱᠦᠵᠢ ᠴᠧᠨ ᠢᠦᠢ ᠴᠧᠩ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠨᠢ ᠤᠳᠬ᠎ᠠ ᠰᠠᠨᠠᠭ᠎ᠠ ᠭᠦᠨᠵᠡᠭᠡᠢ᠂ ᠠᠭᠤᠯᠤᠭᠳᠠᠬᠤᠨ ᠡᠯᠪᠡᠭ ᠪᠠᠶᠠᠯᠢᠭ᠂ ᠦᠵᠡᠯ ᠰᠠᠨᠠᠭ᠎ᠠ ᠢᠯᠡ ᠲᠤᠳᠤ ᠪᠠᠶᠢᠵᠤ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠪᠠᠶᠢᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠠᠬᠢᠭᠤᠯᠬᠤ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ︽ᠬᠤᠶᠠᠷ ᠢ ᠲᠣᠭᠲᠠᠭᠠᠬᠤ︾ ᠶᠢ ᠡᠷᠡᠰ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠤᠯᠤᠰ ᠲᠥᠷᠥ ᠶᠢᠨ ᠦᠨᠳᠦᠷᠴᠡ ᠠᠴᠠ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠪᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠬᠢᠵᠦ ᠦᠢᠯᠡᠰ ᠪᠤᠰᠬᠠᠬᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠤᠨ ᠵᠢᠯᠣᠭᠤᠳᠴᠤ᠂ ᠴᠢᠨᠠᠷᠯᠢᠭ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠬᠠᠮᠲᠤᠷᠠᠯ ᠬᠦᠴᠦᠨ ᠢ ᠨᠢᠭᠲᠠᠷᠠᠭᠤᠯᠬᠤ ᠬᠡᠷᠡᠭᠲᠡᠢ᠃      ᠴᠧᠨ ᠢᠦᠢ ᠴᠧᠩ ᠵᠢᠭᠠᠵᠤ ᠭᠠᠷᠭᠠᠭᠰᠠᠨ ᠨᠢ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠠᠷᠠᠯᠲᠠ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ︽ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ︾ ᠲᠠᠯ᠎ᠠ ᠪᠠᠷ ᠰᠢᠨ᠎ᠡ ᠳᠠᠪᠰᠢᠯᠲᠠ᠂ ᠰᠢᠨ᠎ᠡ ᠳᠡᠭᠡᠭᠰᠢᠯᠡᠯᠲᠡ ᠶᠢ ᠴᠢᠷᠮᠠᠶᠢᠨ ᠪᠡᠶᠡᠯᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠠᠢ ᠤᠶᠠᠯᠳᠤᠭᠤᠯᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠠᠬᠢᠭᠤᠯᠵᠤ᠂ ᠴᠢᠨᠠᠷᠯᠢᠭ ᠬᠥᠭᠵᠢᠯᠲᠡ ᠶᠢ ᠠᠬᠢᠭᠤᠯᠬᠤ ᠲᠠᠢ ᠤᠶᠠᠯᠳᠤᠭᠤᠯᠵᠤ᠂ ᠤᠯᠠᠭᠠᠨ ᠱᠤᠭᠤᠮ ᠢ ᠭᠢᠰᠬᠢᠬᠦ ᠦᠭᠡᠢ᠂ ᠬᠤᠷᠢᠭ᠎ᠠ ᠱᠤᠭᠤᠮ ᠢ ᠳᠠᠪᠠᠭ᠋ᠤ ᠦᠭᠡᠢ᠂ ᠥᠨᠳᠥᠷ ᠬᠦᠴᠦᠳᠡᠯᠲᠦ ᠱᠤᠭᠤᠮ ᠢ ᠬᠥᠨᠳᠡᠬᠦ ᠦᠭᠡᠢ ᠤᠯᠤᠰ ᠲᠥᠷᠥ ᠶᠢᠨ ᠬᠡᠪ ᠴᠢᠨᠠᠷ ᠢ ᠳᠠᠪᠲᠠᠨ ᠪᠣᠯᠪᠠᠰᠤᠷᠠᠭᠤᠯᠵᠤ᠂ ᠪᠦᠬᠦ ᠨᠠᠮ ᠢᠶᠠᠷ ᠢᠶᠠᠨ ᠶᠣᠰᠣ ᠳᠦᠷᠢᠮ ᠢ ᠮᠡᠳᠡᠬᠦ᠂ ᠶᠣᠰᠣ ᠳᠦᠷᠢᠮ ᠢ ᠡᠷᠬᠢᠮᠯᠡᠬᠦ᠂ ᠶᠣᠰᠣ ᠳᠦᠷᠢᠮ ᠢ ᠰᠠᠬᠢᠬᠤ ᠰᠠᠶᠢᠨ ᠰᠠᠶᠢᠬᠠᠨ ᠪᠠᠶᠢᠳᠠᠯ ᠢ ᠪᠣᠢ ᠪᠣᠯᠭᠠᠬᠤ ᠬᠡᠷᠡᠭᠲᠡᠢ᠃      ᠬᠤᠷᠠᠯ ᠠᠴᠠ ᠪᠠᠰᠠ ᠰᠡᠷᠡᠮᠵᠢᠯᠡᠬᠦᠯᠦᠯ ᠬᠥᠮᠦᠵᠢᠯ ᠤᠨ ᠰᠤᠷᠤᠯᠴᠠᠯᠭ᠎ᠠ ᠥᠷᠨᠢᠭᠦᠯᠵᠦ᠂ ᠬᠤᠰᠢᠭᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠭᠡᠰᠢᠭᠦᠳ ᠰᠤᠷᠤᠯᠴᠠᠯᠭ᠎ᠠ ᠳᠤ ᠣᠷᠣᠯᠴᠠᠪᠠ
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号