ᠬᠤᠰᠢᠭᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠭᠡᠯᠳᠡᠰ ᠵᠢᠩᠬᠢᠨᠢ ᠪᠠᠷ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/6/8
     ᠤᠶᠢᠷ᠎ᠠ ᠶᠢᠨ ᠡᠳᠦᠷ᠂ ᠮᠠᠨ ᠤ ᠬᠤᠰᠢᠭᠤᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠵᠢᠩᠬᠢᠨᠢ ᠪᠠᠷ ᠢᠯᠡᠷᠬᠡᠶᠢᠯᠡᠯ ᠡᠯᠭᠦᠨ ᠪᠠᠶᠢᠭᠤᠯᠤᠭᠳᠠᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠹᠠᠨ ᠶᠧᠦ ᠴᠢᠶᠠᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠦ ᠮᠢᠨ ᠶᠣᠰᠣᠯᠠᠯ ᠳᠤ ᠣᠷᠣᠯᠴᠠᠭᠰᠠᠨ ᠪᠥᠭᠡᠳ ᠢᠯᠡᠷᠬᠡᠶᠢᠯᠡᠯ ᠰᠡᠬᠦᠪᠡ᠃      ᠹᠠᠨ ᠶᠧᠦ ᠴᠢᠶᠠᠩ ᠢᠯᠡᠷᠬᠡᠶᠢᠯᠡᠯ ᠰᠡᠬᠦᠬᠦ ᠶᠣᠰᠣᠯᠠᠯ ᠳᠡᠭᠡᠷ᠎ᠡ ᠪᠠᠶᠠᠷ ᠤᠨ ᠦᠭᠡ ᠬᠡᠯᠡᠭᠰᠡᠨ ᠪᠥᠭᠡᠳ  ᠬᠤᠰᠢᠭᠤ ᠨᠠᠮ ᠤᠨ ᠬᠤᠷᠢᠶ᠎ᠠ ᠶᠢ ᠲᠦᠯᠦᠭᠡᠯᠡᠨ ᠬᠤᠰᠢᠭᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠪᠠᠶᠢᠭᠤᠯᠤᠭᠳᠠᠭᠰᠠᠨ ᠳᠤ ᠬᠠᠯᠠᠭᠤᠨ ᠪᠠᠶᠠᠷ ᠬᠦᠷᠭᠡᠪᠡ᠃ ᠲᠡᠷᠡ᠂ ᠨᠡᠶᠢᠭᠡᠮ ᠤᠨ ᠠᠵᠢᠯ ᠤᠨ ᠬᠡᠯᠲᠡᠰ ᠬᠤᠰᠢᠭᠤ ᠨᠠᠮ ᠤᠨ ᠬᠤᠷᠢᠶᠠᠨ ᠤ ᠴᠢᠬᠤᠯᠠ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠰᠢᠨ᠎ᠡ ᠡᠭᠦᠷᠭᠡᠯᠡᠯ ᠢᠶᠠᠨ ᠢᠯᠡᠷᠡᠭᠦᠯᠵᠦ᠂ ᠰᠢᠨ᠎ᠡ ᠪᠠᠶᠢᠳᠠᠯ ᠢ ᠡᠭᠦᠳᠴᠦ᠂ ᠰᠢᠨ᠎ᠡ ᠳᠦᠷᠢ ᠲᠥᠷᠬᠦ ᠶᠢ ᠪᠣᠢ ᠪᠣᠯᠭᠠᠬᠤ ᠬᠡᠷᠡᠭᠲᠡᠢ ᠃ ᠨᠡᠶᠢᠭᠡᠮ ᠤᠨ ᠠᠵᠢᠯ ᠤᠨ ᠬᠡᠯᠲᠡᠰ ᠠᠷᠠᠳ ᠲᠦᠮᠡᠨ ᠢᠶᠠᠷ ᠭᠤᠣᠯ ᠪᠣᠯᠭᠠᠬᠤ ᠠᠵᠢᠯ ᠤᠨ ᠤᠳᠤᠷᠢᠳᠤᠮᠵᠢ ᠶᠢ ᠢᠮᠠᠭᠲᠠ ᠪᠠᠷᠢᠮᠲᠠᠯᠠᠵᠤ᠂ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠶᠢ ᠢᠳᠡᠪᠬᠢᠲᠡᠢ ᠠᠬᠢᠭᠤᠯᠵᠤ᠂ ᠦᠢᠯᠡᠴᠢᠯᠡᠭᠡᠨ ᠤ ᠶᠠᠰᠤ ᠴᠢᠨᠠᠷ ᠪᠠ ᠠᠵᠢᠯ ᠤᠨ ᠦᠷ᠎ᠡ ᠪᠦᠲᠦᠮᠵᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠤᠨ ᠨᠡᠶᠢᠭᠡᠮ ᠤᠨ ᠠᠵᠢᠯ ᠤᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢᠨ ᠲᠠᠯ᠎ᠠ ᠪᠠᠷ ᠨᠡᠩ ᠰᠢᠨᠵᠢᠯᠡᠬᠦ ᠤᠬᠠᠭᠠᠨᠴᠢ᠂ ᠪᠠᠶᠢᠭᠤᠯᠤᠯ ᠲᠣᠭᠲᠠᠴᠠ ᠶᠢᠨ ᠲᠠᠯ᠎ᠠ ᠪᠠᠷ ᠨᠡᠩ ᠲᠡᠭᠦᠯᠳᠡᠷ᠂ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ ᠶᠢᠨ ᠲᠠᠯ᠎ᠠ ᠪᠠᠷ ᠨᠡᠩ ᠰᠢᠯᠢᠳᠡᠭᠵᠢᠵᠦ᠂ ᠠᠵᠢᠯᠯᠠᠭᠠᠨ ᠤ ᠬᠠᠮᠢᠶᠠᠷᠤᠯᠲᠠ ᠶᠢᠨ ᠲᠠᠯ᠎ᠠ ᠪᠠᠷ ᠨᠡᠩ ᠥᠨᠳᠥᠷ ᠪᠦᠲᠦᠮᠵᠢᠲᠡᠢ ᠪᠣᠯᠬᠤ ᠶᠢ ᠠᠬᠢᠭᠤᠯᠵᠤ᠂ ᠨᠡᠶᠢᠭᠡᠮ ᠤᠨ ᠵᠠᠰᠠᠯᠲᠠ ᠶᠢᠨ ᠰᠢᠨ᠎ᠡ ᠪᠠᠶᠢᠷᠢᠰᠢᠯ ᠢ ᠤᠯᠠᠮ ᠨᠢᠭᠡ ᠠᠯᠬᠤᠮ ᠪᠠᠶᠢᠭᠤᠯᠵᠤ᠂ ᠪᠦᠬᠦ ᠬᠤᠰᠢᠭᠤᠨ ᠤ ᠴᠢᠨᠠᠷᠯᠢᠭ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃      ᠯᠦ ᠮᠢᠨ ᠶᠣᠰᠣᠯᠠᠯ ᠢ ᠡᠷᠬᠢᠯᠡᠭᠰᠡᠨ ᠪᠥᠭᠡᠳ ᠠᠶᠢᠮᠠᠭ ᠤᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠤᠨ ᠪᠠᠶᠠᠷ ᠤᠨ ᠵᠠᠬᠢᠳᠠᠯ ᠢ ᠤᠩᠰᠢᠨ ᠨᠡᠶᠢᠲᠡᠯᠡᠪᠡ᠃        ᠨᠡᠶᠢᠭᠡᠮ ᠤᠨ ᠠᠵᠢᠯ ᠤᠨ ᠬᠡᠯᠲᠡᠰ ᠪᠠᠶᠢᠭᠤᠯᠬᠤ ᠪᠣᠯ ᠮᠠᠨ ᠤ ᠬᠤᠰᠢᠭᠤᠨ ᠤ ᠣᠷᠣᠨ ᠨᠤᠲᠤᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠨᠢᠭᠡᠳᠦᠯᠲᠡᠢ ᠲᠣᠬᠢᠷᠠᠭᠤᠯᠤᠯᠲᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠮᠦᠷᠳᠡᠭᠡᠨ ᠰᠢᠨ᠎ᠡ ᠴᠠᠭ ᠦᠶ᠎ᠡ ᠳᠤ ᠮᠠᠨ ᠤ ᠬᠤᠰᠢᠭᠤᠨ ᠤ ᠨᠡᠶᠢᠭᠡᠮ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠪᠣᠳᠠᠲᠤ ᠬᠡᠷᠡᠭᠴᠡᠭᠡ ᠮᠥᠨ᠃ ᠨᠠᠮ ᠤᠨ ᠨᠡᠶᠢᠭᠡᠮ ᠤᠨ ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠬᠤ᠂ ᠨᠡᠶᠢᠭᠡᠮ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃      ᠣᠶᠢᠯᠠᠭᠠᠭᠰᠠᠨ ᠢᠶᠠᠷ᠂ ᠨᠡᠶᠢᠭᠡᠮ ᠤᠨ ᠠᠵᠢᠯ ᠤᠨ ᠭᠡᠯᠳᠡᠰ ᠭᠤᠣᠯᠳᠠᠭᠤ ᠠᠷᠠᠳ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠨᠢᠭᠡᠳᠦᠯᠲᠡᠢ ᠲᠥᠯᠥᠪᠯᠡᠨ ᠵᠢᠯᠣᠭᠤᠳᠬᠤ ᠶᠢ ᠬᠠᠷᠢᠭᠤᠴᠠᠵᠤ᠂ ᠠᠷᠠᠳ ᠲᠦᠮᠡᠨ ᠤ ᠰᠠᠨᠠᠯ ᠰᠠᠨᠠᠭᠤᠯᠭ᠎ᠠ ᠴᠤᠭᠯᠠᠭᠤᠯᠬᠤ ᠠᠵᠢᠯ ᠢ ᠵᠢᠯᠤᠭᠤᠳᠤᠨ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠪᠠ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠬᠥᠲᠥᠯᠥᠨ ᠳᠠᠭᠠᠭᠤᠯᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠵᠦ᠂ ᠪᠦᠬᠦ ᠬᠤᠰᠢᠭᠤᠨ ᠤ ᠴᠢᠨᠠᠷᠲᠠᠢ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠨᠡᠶᠢᠭᠡᠮᠯᠢᠭ ᠤᠨ ᠨᠠᠮ ᠤᠨ ᠠᠵᠢᠯ ᠢ ᠨᠢᠭᠡᠳᠦᠯᠲᠡᠢ ᠤᠳᠤᠷᠢᠳᠴᠤ᠂ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠨᠡᠶᠢᠭᠡᠮᠯᠢᠭ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠵᠣᠬᠢᠴᠠᠭᠤᠯᠤᠨ ᠠᠬᠢᠭᠤᠯᠬᠤ ᠪᠤᠯᠤᠨ᠎ᠠ᠃      ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠬᠤᠰᠢᠭᠤ ᠠᠷᠠᠳ ᠤᠨ ᠶᠠᠪᠤᠳᠠᠯ ᠤᠨ ᠲᠤᠪᠴᠢᠶᠠᠨ ᠤ ᠬᠠᠷᠢᠭᠤᠴᠠᠯᠭᠠᠲᠠᠨ᠂ ᠬᠤᠰᠢᠭᠤ ᠨᠡᠶᠢᠲᠡ ᠶᠢᠨ ᠪᠤᠰᠤ ᠥᠮᠴᠢᠯᠡᠯ ᠤᠨ ᠨᠠᠮ ᠤᠨ ᠠᠵᠢᠯ ᠤᠨ ᠬᠤᠷᠢᠶᠠᠨ ᠤ ᠳᠡᠳ᠋ ᠱᠦᠵᠢ᠂ 3 ᠨᠠᠮ ᠤᠨ ᠪᠠᠶᠢᠭᠤᠯᠤᠯᠲᠠ ᠶᠢᠨ ᠠᠯᠪᠠᠨ ᠭᠡᠷ ᠤᠨ ᠬᠠᠷᠢᠭᠤᠴᠠᠯᠭᠠᠲᠠᠨ ᠵᠢᠴᠢ ᠬᠡᠰᠡᠭ ᠨᠡᠶᠢᠲᠡ ᠶᠢᠨ ᠪᠤᠰᠤ ᠥᠮᠴᠢᠯᠡᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠬᠤᠰᠢᠭᠤ ᠨᠡᠶᠢᠭᠡᠮ ᠤᠨ ᠠᠵᠢᠯ ᠤᠨ ᠬᠡᠯᠲᠡᠰ ᠤᠨ ᠪᠦᠬᠦ ᠠᠵᠢᠯᠲᠠᠨ᠂ ᠬᠤᠰᠢᠭᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠪᠠᠭ ᠤᠨ ᠪᠦᠷᠢᠯᠳᠦᠬᠦᠨ ᠶᠣᠰᠣᠯᠠᠯ ᠳᠤ ᠣᠷᠣᠯᠴᠠᠪᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号