ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠣᠮᠢᠯᠠᠭᠰᠠᠨ ᠰᠠᠯᠪᠤᠷᠢ ᠶᠢᠨ ︽ᠨᠢᠭᠡ ᠥᠷᠲᠡᠭᠡ | ᠮᠠᠶ᠋ᠢᠭ︾ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡ᠂ ︽ᠨᠢᠭᠡ ᠴᠤᠩᠬᠤᠪᠴᠢ ᠪᠠᠷ ᠭᠥᠯᠢᠶᠡᠨ ᠠᠪᠴᠤ | ᠰᠢᠶᠳᠪᠦᠷᠢᠯᠡᠬᠦ᠂ ᠨᠢᠭᠡ ᠴᠠᠭᠳᠠᠭ᠎ᠠ ᠣᠯᠠᠨ ᠴᠢᠳᠠᠪᠤᠷᠢ ᠲᠠᠢ ᠪᠠᠶᠢᠬᠤ︾ ᠵᠠᠰᠠᠭ ᠤᠨ ᠶᠠᠪᠤᠳᠠᠯ ᠤᠨ ᠰᠢᠨ᠎ᠡ | ᠪᠠᠶᠢᠷᠢᠰᠢᠭᠤᠯᠤᠯᠲᠠ ᠶᠢ ᠢᠳᠡᠪᠬᠢᠲᠡᠶ ᠰᠦᠪᠡᠭᠴᠢᠯᠡᠨ ᠪᠠᠶᠢᠭᠤᠯᠵᠤ᠂ ᠦᠢᠯᠡᠴᠢᠯᠡᠭᠡ ᠪᠠᠨ ᠰᠢᠯᠢᠳᠡᠭᠵᠢᠬᠦᠯᠦᠨ᠂ ᠣᠯᠠᠨ | ᠲᠦᠮᠡᠨ ᠤ ᠠᠵᠢᠯ ᠶᠠᠪᠤᠳᠠᠯ ᠬᠦᠢᠴᠡᠳᠭᠡᠬᠦᠯᠬᠦ ᠴᠠᠭ ᠢ ᠠᠷᠪᠢᠯᠠᠵᠤ᠂ ᠠᠵᠢᠯ ᠶᠠᠪᠤᠳᠠᠯ ᠭᠦᠶᠴᠡᠳᠬᠡᠬᠦ ᠦᠷ᠎ᠡ | ᠪᠦᠲᠦᠮᠵᠢ ᠶᠢ ᠳᠡᠭᠡᠭᠰᠢᠯᠡᠭᠦᠯᠦᠨ᠂ ᠣᠯᠠᠨ ᠲᠦᠮᠡᠨ ᠤ ᠰᠠᠶᠢᠨ ᠦᠨᠡᠯᠡᠯᠳᠡ ᠶᠢ ᠤᠯᠵᠤ ᠪᠠᠶᠢᠨ᠎ᠠ᠃ | ᠣᠶᠢᠷ᠎ᠠ ᠳᠤ᠂ ᠵᠢᠷᠦᠬᠡ ᠪᠠᠯᠭᠠᠰᠤᠨ ᠳᠤ ᠠᠵᠢᠯᠯᠠᠵᠤ ᠪᠠᠶᠢᠭ᠎ᠠ ᠭᠠᠳᠠᠷ ᠣᠷᠣᠨ ᠤ ᠰᠠᠭᠤᠭᠠᠯᠢ ᠠᠷᠠᠳ ᠵᠣᠣ | ᠬᠤᠩ ᠮᠢᠩ ᠵᠢᠯᠣᠭᠤᠴᠢ ᠶᠢᠨ ᠦᠨᠡᠮᠯᠡᠯ ᠢᠶᠠᠨ ᠭᠡᠭᠡᠭᠰᠡᠨ ᠠᠴᠠ ᠪᠣᠯᠵᠣ ᠭᠠᠷᠴᠤ ᠤᠷᠤᠬᠤ ᠳᠤ ᠲᠦᠭᠦᠮ ᠦᠬᠡᠢ | ᠪᠤᠯᠤᠭᠠᠳ ᠪᠠᠶᠢᠬᠤ ᠳᠤ᠂ ᠵᠢᠷᠦᠬᠡ ᠪᠠᠯᠭᠠᠰᠤᠨ ᠳᠤ ︽ᠨᠢᠭᠡ ᠥᠷᠲᠡᠭᠡ ᠮᠠᠶ᠋ᠢᠭ︾ ᠤᠨ ᠲᠣᠮᠢᠯᠠᠭᠰᠠᠨ ᠰᠠᠯᠪᠤᠷᠢ | ᠪᠠᠶᠢᠭᠤᠯᠤᠭᠳᠠᠭᠰᠠᠨ ᠳᠤᠬᠠᠢ ᠰᠤᠨᠤᠰᠤᠭᠠᠳ᠂ ᠲᠡᠷᠡ ᠳᠠᠷᠤᠢ ᠬᠦᠷᠴᠦ ᠢᠷᠡᠨ᠂ ᠳᠠᠪᠤᠬᠠᠨ ᠮᠢᠨᠦ᠋ᠲ ᠤᠨ ᠳᠤᠳᠤᠷ᠎ᠠ | ᠦᠨᠡᠮᠯᠡᠯ ᠢᠶᠠᠨ ᠨᠦᠬᠦᠵᠦ ᠪᠦᠷᠢᠳᠭᠡᠬᠦᠯᠦᠭᠰᠡᠨ ᠳᠤ ᠪᠠᠨ ᠮᠠᠰᠢ ᠬᠠᠨᠤᠮᠵᠢᠳᠠᠢ ᠪᠠᠶᠢᠯ᠎ᠠ᠃ | ᠵᠢᠷᠦᠬᠡ ᠪᠠᠯᠭᠠᠰᠤᠨ ᠤ ᠲᠣᠮᠢᠯᠠᠭᠰᠠᠨ ᠰᠠᠯᠪᠤᠷᠢ ᠪᠣᠯ ᠬᠤᠰᠢᠭᠤ ᠳᠣᠲᠣᠭᠠᠳᠤ ᠶᠢ ᠬᠠᠮᠠᠭᠠᠯᠠᠬᠤ ᠳᠤᠪᠴᠢᠶᠠᠨ ᠤ | ᠢᠯᠡᠷᠭᠡᠶᠢᠯᠡᠯ ᠡᠯᠭᠦᠭᠰᠡᠨ ︽ᠨᠢᠭᠡ ᠥᠷᠲᠡᠭᠡ ᠮᠠᠶ᠋ᠢᠭ︾ ᠤᠨ ᠲᠣᠮᠢᠯᠠᠭᠰᠠᠨ ᠰᠠᠯᠪᠤᠷᠢ ᠶᠢᠨ ᠳᠣᠲᠣᠷᠠᠬᠢ ᠨᠢᠭᠡ | ᠪᠣᠯᠤᠨ᠎ᠠ᠃ 2023 ᠣᠨ ᠳᠤ᠂ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠨᠢᠭᠡ ᠴᠣᠩᠬᠤᠪᠴᠢ ᠪᠠᠷ | ᠨᠡᠶᠢᠳᠡᠮ ᠭᠦᠶᠴᠡᠳᠬᠡᠬᠦ︾ ᠥᠭᠡᠷᠡᠴᠢᠯᠡᠯᠲᠡ ᠶᠢ ᠪᠥᠬᠦ ᠲᠠᠯ᠎ᠠ ᠪᠠᠷ ᠠᠬᠢᠭᠤᠯᠵᠤ᠂ ᠲᠣᠮᠢᠯᠠᠭᠰᠠᠨ ᠰᠠᠯᠪᠤᠷᠢ ᠶᠢᠨ ᠤᠤᠯ | ᠤᠨ ᠡᠷᠦᠬᠡ ᠠᠮᠠ ᠶᠢᠨ ︽ᠲᠤᠰᠬᠠᠶ ᠴᠣᠩᠬᠤᠪᠴᠢ︾ ᠶᠢ ᠳᠣᠲᠣᠭᠠᠳᠤ ᠶᠢ ᠬᠠᠮᠠᠭᠠᠯᠠᠬᠤ ᠶᠡᠷᠦᠩᠬᠡᠶᠢᠯᠡᠭᠰᠡᠨ | ᠦᠶᠯᠡᠴᠢᠯᠡᠭᠡᠨ ᠤ ᠴᠣᠩᠬᠤᠪᠴᠢ ᠪᠣᠯᠭᠠᠨ ᠲᠠᠰ ᠳᠡᠪᠰᠢᠭᠦᠯᠵᠦ᠂ ᠠᠮᠤᠷ ᠢ ᠬᠠᠮᠠᠭᠠᠯᠠᠬᠤ᠂ ᠵᠠᠮ ᠬᠠᠷᠢᠯᠴᠠᠭᠠᠨ ᠤ | ᠬᠠᠮᠢᠶᠠᠷᠤᠯᠲᠠ᠂ ᠬᠢᠯᠢ ᠪᠠᠷ ᠣᠷᠣᠵᠤ ᠭᠠᠷᠬᠤ ᠵᠡᠷᠭᠡ ᠲᠤᠬᠠᠶᠢᠯᠠᠭᠰᠠᠨ ᠠᠵᠢᠯ ᠢ ᠪᠦᠬᠦᠨ ᠢ ᠲᠣᠮᠢᠯᠠᠭᠰᠠᠨ ᠰᠠᠯᠪᠤᠷᠢ | ᠳᠤ ᠪᠠᠭᠤᠯᠭᠠᠵᠤ᠂ ᠣᠯᠠᠨ ᠲᠦᠮᠡᠨ ᠳᠤ ᠣᠶᠢᠷ᠎ᠠ ᠬᠠᠪᠢ ᠳᠤ ᠪᠠᠨ ᠲᠤᠬᠠᠶᠢᠯᠠᠭᠰᠠᠨ ᠠᠵᠢᠯ ᠢᠶᠠᠨ ᠬᠦᠢᠴᠡᠳᠬᠡᠬᠦᠯᠬᠦ | ᠪᠤᠯᠤᠮᠵᠢ ᠬᠠᠩᠭᠠᠵᠠᠢ᠃ ᠴᠣᠩᠬᠤᠪᠴᠢ ᠶᠢᠨ ᠴᠠᠭᠳᠠᠭᠠᠨ ᠤ ᠶᠠᠪᠤᠳᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ | ᠲᠠᠰᠤᠷᠠᠯᠲᠠ ᠥᠬᠡᠶ ᠰᠢᠯᠢᠳᠡᠭᠵᠢᠭᠦᠯᠬᠦ᠂ ᠶᠡᠷᠦᠩᠬᠡᠶᠢᠯᠡᠭᠰᠡᠨ ᠴᠣᠩᠬᠤᠪᠴᠢ ᠶᠢ ᠰᠢᠨᠵᠢᠯᠡᠬᠦ ᠤᠬᠠᠭᠠᠨᠴᠢ ᠪᠠᠷ | ᠳᠣᠭᠢᠷᠠᠭᠤᠯᠬᠤ ᠪᠠᠷ ᠳᠠᠮᠵᠢᠭᠤᠯᠤᠨ᠂ ᠲᠣᠮᠢᠯᠠᠭᠰᠠᠨ ᠰᠠᠯᠪᠤᠷᠢ ᠶᠢᠨ ︽ᠨᠢᠭᠡ ᠥᠷᠲᠡᠭᠡ ᠮᠠᠶ᠋ᠢᠭ︾ ᠤᠨ ᠪᠣᠳᠠᠲᠤ | ᠴᠣᠭᠴᠠᠵᠢᠭᠤᠯᠬᠤ ᠪᠠᠶᠢᠭᠤᠯᠤᠯᠲᠠ ᠪᠠ ᠡᠷᠬᠡ ᠮᠡᠳᠡᠯ ᠤᠨ ᠬᠡᠪᠴᠢᠶᠡᠨ ᠤ ᠦᠶᠯᠡᠴᠢᠯᠡᠭᠡᠨ ᠤ ᠵᠦᠶᠯᠡᠰ ᠤᠨ ᠡᠷᠬᠡ | ᠣᠯᠭᠤᠯᠲᠠ ᠶᠢ ᠠᠯᠬᠤᠮ ᠠᠯᠬᠤᠮ ᠢᠶᠠᠷ ᠠᠬᠢᠭᠤᠯᠵᠤ᠂ ᠬᠤᠰᠢᠭᠤ ᠳᠣᠲᠣᠭᠠᠳᠤ ᠶᠢ ᠬᠠᠮᠠᠭᠠᠯᠠᠬᠤ ᠵᠠᠰᠠᠭ ᠤᠨ | ᠶᠠᠪᠤᠳᠠᠯ ᠤᠨ ᠦᠶᠯᠡᠴᠢᠯᠡᠭᠡᠨ ᠤ ᠲᠢᠩᠬᠢᠮ᠂ ᠰᠤᠮᠤ ᠪᠠᠯᠭᠠᠰᠤᠨ ᠤ ᠲᠣᠮᠢᠯᠠᠭᠰᠠᠨ ᠰᠠᠯᠪᠤᠷᠢ ᠶᠢᠨ ᠬᠡᠯᠬᠢᠶᠡᠵᠢᠭᠰᠡᠨ | ᠦᠶᠯᠡᠴᠢᠯᠡᠭᠡᠨ ᠤ ᠵᠠᠭᠪᠤᠷ ᠢ ᠪᠣᠶ ᠪᠣᠯᠭᠠᠨ᠂ ︽ᠴᠠᠭᠳᠠᠭᠠᠨ ᠤ ᠲᠥᠷᠥᠯ ᠢ ᠡᠷᠢᠬᠦ ᠥᠬᠡᠶ᠂ ᠣᠷᠣᠨ ᠪᠦᠰᠡ | ᠬᠤᠪᠢᠶᠠᠬᠤ ᠥᠬᠡᠶ᠂ ᠨᠢᠭᠡ ᠯᠡ ᠤᠳᠠᠭ᠎ᠠ ᠳᠤ ᠬᠦᠢᠴᠡᠳᠬᠡᠬᠦ︾ ᠶᠢ ᠦᠨᠡᠨᠬᠦ ᠪᠡᠶᠡᠯᠡᠭᠦᠯᠵᠦ᠂ ᠬᠠᠷᠢᠶ᠎ᠠ ᠣᠷᠣᠨ ᠤ | ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ ᠬᠠᠩᠭᠠᠨ᠂ ᠳᠣᠲᠣᠭᠠᠳᠤ ᠶᠢ ᠬᠠᠮᠠᠭᠠᠯᠠᠬᠤ ᠥᠨᠳᠥᠷ | ᠪᠦᠲᠦᠮᠵᠢᠲᠡᠶ ᠦᠶᠯᠡᠴᠢᠯᠡᠭᠡᠨ ᠤ ᠣᠶᠢᠷ᠎ᠠ ᠬᠠᠪᠢ ᠳᠤ ᠪᠠᠨ ᠭᠦᠶᠴᠡᠳᠬᠡᠬᠦ ᠶᠢ ᠦᠨᠡᠨᠬᠦ ᠪᠡᠶᠡᠯᠡᠬᠦᠯᠵᠡᠢ᠃ | ᠣᠳᠣᠬᠠᠨ ᠪᠣᠯᠲᠠᠯ᠎ᠠ᠂ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢᠭᠡᠨᠲᠡ 50 % ᠶᠢᠨ ᠡᠷᠦᠬᠡ | ᠠᠮᠠ ᠶᠢᠨ ᠬᠠᠷᠢᠶᠠᠨ ᠤ ᠲᠣᠮᠢᠯᠠᠭᠰᠠᠨ ᠰᠠᠯᠪᠤᠷᠢ ᠳᠤ ᠶᠡᠷᠦᠩᠬᠡᠶᠢᠯᠡᠭᠰᠡᠨ ᠴᠤᠩᠬᠤᠪᠴᠢ ᠪᠠᠶᠢᠭᠤᠯᠵᠤ᠂ 3 | ᠳᠤᠮᠢᠯᠠᠭᠰᠠᠨ ᠰᠠᠯᠪᠤᠷᠢ ᠳᠤ ︽ᠨᠢᠭᠡ ᠥᠷᠲᠡᠭᠡ ᠮᠠᠶ᠋ᠢᠭ︾ ᠤᠨ ᠲᠣᠮᠢᠯᠠᠭᠰᠠᠨ ᠰᠠᠯᠪᠤᠷᠢ ᠶᠢᠨ ᠢᠯᠡᠷᠭᠡᠶᠢᠯᠡᠯ ᠡᠯᠭᠦᠨ᠂ | ︽ᠨᠢᠭᠡ ᠴᠣᠩᠬᠤᠪᠴᠢ ᠪᠠᠷ ᠨᠡᠶᠢᠳᠡᠮ ᠭᠦᠶᠴᠡᠳᠬᠡᠬᠦ︾ 241 ᠵᠦᠶᠯᠡᠰ ᠢ ᠢᠯᠡ ᠪᠣᠯᠭᠠᠪᠠ᠃ |