ᠤᠯᠠᠯᠵᠠᠨ ᠨᠠᠮᠢᠷᠠᠬᠤ ᠤᠯᠤᠰ ᠤᠨ ᠲᠤᠭ ᠤᠮᠠᠷᠠᠳᠤ ᠬᠢᠯᠢ ᠪᠠᠨ ᠰᠠᠬᠢᠨ ᠰᠦᠨᠳᠡᠷᠯᠡᠨ᠎ᠡ
ᠨᠡᠶᠢᠲᠡᠯᠡᠭᠰᠡᠨ ᠴᠠᠭ᠄
2024/6/8
      ᠮᠠᠨ ᠤ ᠬᠤᠰᠢᠭᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ᠂ ︽ᠤᠯᠤᠰ ᠤᠨ ᠲᠤᠭ ᠢᠶᠠᠨ ᠬᠢᠯᠢ ᠨᠤᠳᠤᠭ ᠲᠤ ᠨᠠᠮᠢᠷᠠᠭᠤᠯᠬᠤ︾ ᠢᠨᠵᠧᠨᠧᠷᠢᠩ ᠢ ᠭᠦᠨᠵᠡᠭᠡᠢ ᠥᠷᠨᠢᠭᠦᠯᠬᠦ ᠠᠵᠢᠯ ᠤᠨ ᠲᠥᠰᠦᠯ ᠢ ᠪᠠᠭᠤᠯᠭᠠᠵᠤ᠂ ᠤᠯᠤᠰ ᠤᠨ ᠲᠤᠭ ᠡᠯᠭᠦᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠡᠯ᠎ᠡ ᠱᠠᠳᠤᠨ ᠤ ᠡᠯ᠎ᠡ ᠰᠠᠯᠠᠭ᠎ᠠ ᠮᠥᠴᠢᠷ ᠵᠢᠴᠢ ᠪᠦᠬᠦ ᠨᠡᠶᠢᠭᠡᠮ ᠤᠨ ᠥᠷᠭᠡᠨ ᠤᠯᠠᠨ ᠠᠷᠠᠳ ᠲᠦᠮᠡᠨ ᠤ ᠢᠳᠡᠪᠬᠢᠲᠡᠢ ᠣᠷᠣᠯᠴᠠᠬᠤ  ᠶᠢ ᠤᠷᠢᠶᠠᠯᠠᠵᠤ ᠪᠠᠶᠢᠨ᠎ᠠ᠃       ᠰᠠᠶᠢᠬᠠᠨᠳᠠᠯ᠎ᠠ ᠪᠠᠯᠭᠠᠰᠤᠨ ᠤ ᠵᠡᠭᠡᠯᠢ ᠭᠤᠳᠤᠮᠵᠢ ᠳᠠᠭᠠᠤ ᠤᠯᠤᠰ ᠤᠨ ᠲᠤᠭ ᠵᠢᠭᠳᠡᠷᠡᠨ᠂ ᠰᠠᠯᠬᠢᠨ ᠤ ᠠᠶᠠᠰ  ᠢᠶᠠᠷ ᠦᠵᠡᠰᠬᠦᠯᠡᠩᠳᠡᠢ ᠨᠠᠮᠢᠷᠠᠨ᠎ᠠ᠃ ᠵᠡᠭᠡᠯᠢ ᠳᠠᠭᠠᠤ ᠬᠤᠳᠠᠯᠳᠤᠭ᠎ᠠ ᠳᠡᠯᠭᠡᠭᠦᠷ ᠥᠪᠡᠷᠲᠡᠭᠡᠨ ᠤᠯᠤᠰ ᠤᠨ ᠲᠤᠭ ᠡᠯᠭᠦᠵᠦ᠂ ᠡᠬᠡ ᠤᠯᠤᠰ ᠲᠠᠭᠠᠨ ᠰᠠᠶᠢᠨ ᠰᠠᠶᠢᠬᠠᠨ ᠵᠥᠩᠨᠡᠯ ᠳᠡᠪᠰᠢᠭᠦᠯᠵᠦ ᠪᠠᠶᠢᠬᠤ ᠪᠠᠨ ᠢᠯᠡᠳᠬᠡᠨ᠎ᠡ᠃ ᠣᠶᠢᠯᠠᠭᠠᠭᠰᠠᠨ ᠢᠶᠠᠷ᠂ ᠲᠣᠰ ᠤᠳᠠᠭᠠᠨ ᠤ ︽ᠤᠯᠤᠰ ᠤᠨ ᠲᠤᠭ ᠢᠶᠠᠨ ᠬᠢᠯᠢ ᠨᠤᠳᠤᠭ ᠲᠤ ᠨᠠᠮᠢᠷᠠᠭᠤᠯᠬᠤ︾ ᠠᠵᠢᠯᠯᠠᠭᠠᠨ ᠤ ᠬᠦᠷᠢᠶ᠎ᠡ ᠬᠡᠪᠴᠢᠶ᠎ᠡ ᠨᠢ ᠥᠷᠭᠡᠨ ᠳᠡᠯᠭᠡᠷ ᠪᠠᠶᠢᠵᠤ᠂ ᠵᠠᠰᠠᠭ ᠵᠠᠬᠢᠷᠭ᠎ᠠ ᠠᠵᠤ ᠠᠬᠤᠶᠢᠯᠠᠯ ᠠᠵᠢᠯ ᠦᠶᠯᠡᠰ ᠤᠨ ᠨᠢᠭᠡᠴᠡ᠂ ᠰᠤᠷᠭᠠᠭᠤᠯᠢ᠂ ᠰᠠᠭᠤᠭ᠎ᠠ ᠴᠡᠷᠢᠭ ᠠᠩᠭᠢ᠂ ᠡᠯ᠎ᠡ ᠲᠥᠷᠥᠯ ᠤᠨ ᠳᠡᠯᠭᠡᠨ ᠦᠵᠡᠭᠦᠯᠬᠦ ᠲᠠᠯᠠᠪᠠᠶ ᠣᠷᠳᠣᠨ ᠪᠣᠯᠤᠨ ᠮᠠᠨ ᠤ ᠬᠤᠰᠢᠭᠤᠨ ᠤ ᠬᠢᠯᠢ ᠳᠣᠲᠣᠷᠠᠬᠢ ᠵᠠᠮ᠂ ᠬᠢᠯᠢ ᠶᠢᠨ ᠵᠠᠰᠠᠮᠠᠯ ᠵᠠᠮ ᠤᠨ ᠴᠢᠬᠤᠯᠠ ᠣᠷᠣᠨ ᠪᠠᠶᠢᠷᠢ ᠪᠣᠯᠤᠨ ᠵᠡᠭᠡᠯᠢ ᠭᠤᠳᠤᠮᠵᠢ ᠶᠢᠨ ᠭᠤᠤᠯ ᠳᠡᠳ᠋ ᠵᠠᠮ ᠤᠨ ᠢᠯᠡᠷᠬᠡᠶ ᠣᠷᠣᠨ ᠪᠠᠶᠢᠷᠢ᠂ ᠲᠣᠰᠣ ᠨᠡᠮᠡᠬᠦ ᠥᠷᠲᠡᠭᠡ ᠵᠡᠷᠭᠡ ᠳᠤ ᠤᠯᠤᠰ ᠤᠨ ᠲᠤᠭ ᠡᠯᠭᠦᠬᠦ ᠶᠢᠨ ᠬᠠᠮᠲᠤ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ  ᠳᠤ ᠤᠯᠤᠰ ᠤᠨ ᠲᠤᠭ ᠤᠨ ᠬᠠᠤᠯᠢ ᠶᠢ ᠤᠬᠠᠭᠤᠯᠬᠤ ᠪᠠᠷ ᠪᠠᠷᠠᠬᠤ ᠥᠬᠡᠶ᠂ ᠡᠯ᠎ᠡ ᠳᠤᠮᠤ ᠴᠢᠯᠦᠭᠡᠲᠦ ᠳᠡᠯᠭᠡᠭᠦᠷ᠂ ᠮᠠᠰᠢᠨ ᠲᠡᠷᠭᠡᠨ ᠤ ᠥᠷᠲᠡᠭᠡ᠂ ᠭᠠᠯᠲᠤ ᠲᠡᠷᠭᠡᠨ ᠥᠷᠲᠡᠭᠡ᠂ ᠠᠭᠤᠳᠠᠮ ᠲᠠᠯᠠᠪᠠᠶ ᠵᠡᠷᠭᠡ ᠣᠯᠠᠨ ᠨᠡᠶᠢᠲᠡ ᠶᠢᠨ ᠲᠠᠯᠠᠪᠤᠷ ᠭᠠᠵᠠᠷ ᠪᠣᠯᠤᠨ ᠰᠠᠭᠤᠭᠠᠯᠢ ᠠᠷᠠᠳ ᠤᠨ ᠲᠣᠭᠤᠷᠢᠭ᠂ ᠵᠡᠭᠡᠯᠢ ᠳᠠᠭᠠᠤ ᠬᠤᠳᠠᠯᠳᠤᠭ᠎ᠠ ᠳᠡᠯᠭᠡᠭᠦᠷ ᠳᠤ ᠴᠦ ᠭᠤᠤᠯᠳᠠᠯᠭ᠎ᠠ ᠲᠠᠢ ᠤᠬᠠᠭᠤᠯᠬᠤ ᠪᠣᠯᠤᠨ᠎ᠠ᠃       ᠣᠶᠢᠯᠠᠭᠠᠭᠰᠠᠨ ᠢᠶᠠᠷ᠂ ᠬᠤᠰᠢᠭᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ  ᠶᠢᠨ ᠲᠣᠪᠴᠢᠶ᠎ᠠ ᠵᠢᠴᠢ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠤᠷᠠᠭᠳᠠᠵᠤ ᠬᠠᠭᠤᠴᠢᠷᠠᠭᠰᠠᠨ ᠳᠤᠭ ᠡᠯᠬᠦᠬᠦ ᠵᠢᠴᠢ ᠲᠣᠭᠲᠠᠭᠠᠯ ᠶᠣᠰᠣᠭᠠᠷ ᠡᠯᠭᠦᠭᠰᠡᠨ ᠥᠬᠡᠶ ᠳᠤᠭ ᠢ ᠴᠠᠭ ᠲᠤᠬᠠᠶ ᠳᠤᠨᠢ ᠱᠠᠯᠠᠪᠳᠠᠨ ᠰᠤᠯᠢᠭᠤᠯᠵᠤ᠂ ᠬᠠᠮᠢᠶ᠎ᠠ ᠪᠦᠬᠦᠢ ᠳᠤᠭᠳᠠᠭᠠᠯ ᠢ ᠤᠬᠠᠭᠤᠯᠤᠨ᠂ ᠤᠯᠤᠰ ᠤᠨ ᠳᠤᠭ ᠰᠠᠯᠬᠢᠨ ᠤ ᠠᠶᠠᠰ ᠢᠶᠠᠷ ᠵᠢᠭᠳᠡᠷᠡᠨ ᠨᠠᠮᠢᠷᠠᠭᠰᠠᠨ ᠭᠤᠶᠤ ᠰᠠᠶᠢᠬᠠᠨ ᠦᠵᠡᠮᠵᠢ ᠶᠢ ᠬᠤᠳᠠ ᠳᠠᠶᠠᠭᠠᠷ ᠪᠤᠢ ᠪᠤᠯᠭᠠᠭᠰᠠᠨ ᠪᠠᠶᠢᠨ᠎ᠠ᠃ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ︽ᠤᠯᠤᠰ ᠤᠨ ᠲᠤᠭ ᠢᠶᠠᠨ ᠬᠢᠯᠢ ᠨᠤᠳᠤᠭ ᠲᠤ ᠨᠠᠮᠢᠷᠠᠭᠤᠯᠬᠤ︾ ᠢᠨᠵᠧᠨᠧᠷᠢᠩ ᠤᠨ ᠲᠣᠭᠤᠷᠢᠨ ᠳᠤ ᠰᠢᠷᠢᠰ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ᠲᠠᠯ᠎ᠠ ᠨᠤᠲᠤᠭ ᠤᠨ ᠠᠷᠠᠳ ᠲᠦᠮᠡᠨ ᠳᠤ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠦᠷᠨᠢᠬᠦᠯᠵᠦ᠂ ᠬᠢᠯᠢ ᠬᠢᠵᠠᠭᠠᠷ ᠢᠶᠠᠨ ᠰᠠᠬᠢᠨ ᠬᠠᠮᠠᠭᠠᠯᠠᠬᠤ ᠬᠢᠵᠠᠭᠠᠯᠠᠰᠢ ᠦᠭᠡᠢ ᠬᠠᠶᠢᠷ᠎ᠠ ᠰᠡᠳᠬᠢᠯᠭᠡ ᠶᠢ ᠭᠦᠨᠵᠡᠭᠡᠢ ᠤᠶᠢᠯᠠᠭᠠᠭᠤᠯᠤᠨ᠂ ᠨᠠᠮ ᠳᠤ ᠪᠠᠨ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠬᠠᠯᠠᠭᠤᠨ ᠰᠡᠳᠬᠢᠯ ᠴᠢᠩ ᠵᠤᠷᠢᠭ ᠢ ᠪᠠᠳᠤᠵᠢᠭᠤᠯᠵᠤ ᠪᠠᠶᠢᠨ᠎ᠠ᠃       ᠬᠤᠰᠢᠭᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠵᠢᠴᠢ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠲᠠᠷᠠᠭᠠᠴᠢ ᠶᠢᠨ ᠠᠯᠬᠤᠮ ᠳᠤ ᠨᠢᠭᠡᠳᠦᠯᠲᠡᠶ ᠲᠦᠯᠦᠪᠵᠢᠬᠦᠯᠦᠨ ᠵᠤᠬᠢᠶᠠᠨ ᠪᠠᠶᠢᠭᠤᠯᠬᠤ ᠠᠵᠢᠯ ᠢ ᠦᠷᠭᠦᠯᠵᠢᠯᠡᠨ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠬᠠᠮᠲᠤ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠳᠬᠠᠵᠤ᠂ ᠢᠯᠡᠷᠡᠭᠦᠯᠦᠭᠰᠡᠨ ᠠᠰᠠᠭᠤᠳᠠᠯ ᠢ ᠳᠠᠷᠤᠢ ᠴᠡᠭᠴᠡᠯᠡᠨ᠂ ᠤᠯᠤᠰ ᠤᠨ ᠲᠤᠭ ᠢ ᠴᠡᠪᠡᠷ ᠴᠡᠮᠴᠡᠭᠡᠷ᠂ ᠳᠤᠭᠳᠠᠭᠠᠯ ᠶᠤᠰᠤᠭᠠᠷ ᠡᠯᠬᠦᠬᠦ ᠶᠢ ᠦᠨᠡᠨ ᠬᠦ ᠪᠠᠲᠤᠯᠠᠵᠤ᠂ ᠭᠠᠵᠠᠷ ᠪᠣᠯᠭᠠᠨ ᠳᠤ ᠤᠯᠤᠰ ᠤᠨ ᠳᠤᠭ ᠤᠯᠠᠯᠵᠠᠨ ᠨᠠᠮᠢᠷᠠᠭᠰᠠᠨ ᠦᠵᠡᠮᠵᠢ ᠳᠡᠬᠦᠰ ᠪᠠᠯᠭᠠᠰᠤ ᠶᠢ ᠴᠤᠭᠴᠠᠯᠠᠬᠤ ᠪᠤᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号