ᠮᠠᠩᠬᠠᠨ ᠨᠤᠳᠤᠭ ᠢᠶᠠᠨ ᠨᠤᠭᠤᠭᠠᠷᠠᠭᠤᠯᠬᠤ ᠮᠠᠯᠴᠢᠨ ᠠᠷᠠᠳ ᠤᠨ ᠵᠢᠳᠬᠦᠯ
ᠨᠡᠶᠢᠲᠡᠯᠡᠭᠰᠡᠨ ᠴᠠᠭ᠄
2024/6/8
     ᠡᠯᠡᠰᠦ ᠶᠢ ᠵᠠᠰᠠᠵᠤ ᠡᠯᠡᠰᠦᠷᠭᠡᠭᠵᠢᠯ ᠢ ᠰᠡᠷᠭᠡᠶᠢᠯᠡᠬᠦ ᠤᠷᠳᠤ ᠬᠤᠭᠤᠴᠠᠭᠠᠨ ᠤ ᠳᠡᠮᠡᠴᠡᠯ ᠳᠤᠮᠳᠠ ᠪᠦᠬᠦ ᠬᠤᠰᠢᠭᠤᠨ ᠤ ᠡᠯ᠎ᠡ ᠱᠠᠳᠤᠨ ᠤ ᠬᠢᠨ ᠬᠠᠮᠳᠤᠪᠡᠷ ᠴᠢᠷᠮᠠᠶᠢᠵᠤ᠂ ᠮᠠᠯᠴᠢᠨ ᠲᠦᠮᠡᠨ ᠰᠠᠶᠢᠨ ᠳᠤᠷ᠎ᠠ ᠠᠴᠠ ᠪᠠᠨ ᠢᠳᠡᠪᠬᠢᠯᠡᠨ ᠭᠠᠪᠰᠢᠭᠠᠶᠢᠯᠠᠭᠰᠠᠭᠠᠷ ᠢᠷᠡᠭᠰᠡᠨ ᠶᠤᠮ᠃ ᠡᠪᠡᠰᠦ ᠮᠤᠳᠤ ᠳᠠᠷᠢᠵᠤ ᠡᠯᠡᠰᠦᠨ ᠨᠤᠳᠤᠭ ᠢᠶᠠᠨ ᠨᠤᠭᠤᠭᠠᠷᠠᠭᠤᠯᠬᠤ ᠠᠵᠢᠯ ᠳᠤ ᠨᠠᠰᠤ ᠪᠠᠷ ᠢᠶᠠᠨ ᠵᠢᠳᠭᠦᠭᠰᠡᠨ ᠦᠯᠵᠡᠢ ᠨᠠᠰᠤᠳᠠᠨ ︽ᠮᠠᠩᠬᠠᠨ ᠨᠤᠳᠤᠭ ᠢᠶᠠᠨ ᠨᠤᠭᠤᠭᠠᠨ ᠪᠦᠷᠢᠳᠦ ᠪᠤᠯᠭᠠᠬᠤ︾ ᠠᠩᠬᠠᠨ ᠤ ᠵᠤᠷᠢᠯᠳᠠ ᠪᠠᠨ ᠬᠤᠷᠢᠭᠠᠳ ᠵᠢᠯ ᠪᠠᠷᠢᠮᠳᠠᠯᠠᠵᠤ᠂ ᠨᠠᠶᠠ ᠬᠦᠷᠳᠡᠯ᠎ᠡ  ᠪᠠᠨ ᠬᠦᠳᠡᠯᠮᠦᠷᠢᠯᠡᠵᠦ ᠶᠠᠪᠤᠭ᠎ᠠ ᠶᠤᠮ᠃      ᠡᠨᠡ ᠵᠢᠯ ᠨᠠᠶᠠᠨ ᠨᠠᠰᠤ ᠶᠢ ᠵᠤᠭᠤᠭᠯᠠᠵᠤ ᠶᠠᠪᠤᠭ᠎ᠠ ᠦᠯᠵᠡᠢ ᠨᠠᠰᠤᠳᠠᠨ ᠪᠤᠯ ᠠᠴᠠᠳᠤᠠᠠᠭᠤᠯᠠ ᠰᠤᠮᠤᠨ ᠤ ᠦᠷᠭᠡᠨᠭᠤᠤᠯ ᠭᠠᠴᠠᠭᠠᠨ ᠤ ᠮᠠᠯᠴᠢᠨ᠃ ᠭᠠᠴᠠᠭᠠᠨ ᠤ ᠨᠠᠮ ᠤᠨ ᠡᠭᠦᠷ ᠤᠨ ᠱᠦᠵᠢ ᠶᠢᠨ ᠳᠤᠰᠢᠶᠠᠯ ᠢ 26 ᠵᠢᠯ ᠡᠭᠦᠷᠭᠡᠯᠡᠵᠦ ᠪᠠᠶᠢᠭᠰᠠᠨ ᠦᠯᠵᠡᠢ ᠨᠠᠰᠤᠳᠠᠨ᠂ ᠨᠤᠳᠤᠭ ᠤᠷᠤᠨ ᠠᠷᠠᠳ ᠲᠦᠮᠡᠨ ᠤ ᠪᠠᠨ ᠲᠦᠯᠦᠬᠡ ᠴᠢᠳᠠᠬᠤ ᠪᠦᠬᠦᠨ ᠢᠶᠠᠨ ᠬᠢᠬᠦ ᠶᠢ ᠬᠢᠴᠢᠶᠡᠵᠦ᠂ ᠦᠷ᠎ᠡ ᠬᠤᠶᠢᠴᠢᠰ ᠲᠤ ᠪᠠᠨ ᠤᠨᠠᠭᠠᠨ ᠨᠤᠳᠤᠭ ᠢᠶᠠᠨ ᠨᠤᠭᠤᠭᠠᠨ ᠢᠶᠠᠷ ᠨᠢ ᠦᠯᠡᠳᠡᠬᠡᠬᠦ ᠬᠡᠮᠡᠨ ᠡᠯᠡᠰᠦ ᠶᠢ ᠵᠠᠰᠠᠵᠤ ᠨᠤᠭᠤᠭᠠᠷᠠᠭᠤᠯᠤᠯᠳᠠ ᠬᠢᠬᠦ ᠠᠵᠢᠯ ᠳᠤ ᠨᠠᠰᠤ ᠪᠠᠷ ᠢᠶᠠᠨ ᠵᠢᠳᠬᠦᠨ ᠦᠨᠦᠳᠦᠷ  ᠲᠤ ᠬᠦᠷᠦᠭᠰᠡᠨ ᠶᠤᠮ᠃      1997 ᠣᠨ ᠠᠴᠠ ᠡᠬᠢᠯᠡᠨ᠂ ᠥᠯᠵᠡᠢ ᠭᠡᠷ ᠤᠨ ᠬᠥᠮᠥᠰ ᠢᠶᠠᠨ ᠳᠠᠭᠠᠭᠤᠯᠤᠨ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠠᠷᠭ᠎ᠠ ᠰᠦᠪᠡᠭᠴᠢᠯᠡᠵᠦ᠂ ᠨᠣᠮ ᠰᠡᠳᠬᠦᠯ᠂ ᠲᠧᠯᠸᠢᠰ ᠫᠷᠣᠭ᠍ᠷᠠᠮ ᠵᠢᠴᠢ ᠡᠷᠭᠢᠨ ᠲᠣᠭᠤᠷᠢᠨ ᠤ ᠭᠠᠴᠠᠭ᠎ᠠ᠂ ᠬᠤᠰᠢᠭᠤ ᠰᠢᠶᠠᠨ ᠠᠴᠠ ᠡᠯᠡᠰᠦ ᠶᠢ ᠵᠠᠰᠠᠭᠰᠠᠨ ᠲᠤᠷᠰᠢᠯᠭ᠎ᠠ ᠰᠤᠷᠤᠯᠴᠠᠵᠤ᠂ ᠨᠤᠲᠤᠭ ᠤᠨ  ᠢᠶᠠᠨ ᠪᠠᠶᠢᠳᠠᠯ ᠲᠠᠢ ᠤᠶᠠᠯᠳᠤᠭᠤᠯᠤᠨ᠂ ᠠᠷᠭᠠᠯ ᠬᠤᠮᠤᠤᠯ᠂ ᠬᠠᠭᠤᠷᠠᠢ ᠮᠦᠴᠢᠷ ᠵᠡᠷᠭᠡ ᠶᠢ ᠠᠰᠢᠭᠯᠠᠨ ᠨᠡᠬᠦᠳᠡᠯ ᠡᠯᠡᠰᠦ ᠶᠢ ᠬᠠᠰᠢᠬᠤ ᠬᠠᠯᠬᠠᠪᠴᠢ ᠪᠠᠶᠢᠭᠤᠯᠬᠤ᠂ ᠡᠯᠡᠰᠦ ᠶᠢ ᠳᠠᠷᠤᠵᠤ ᠳᠤᠭᠳᠠᠪᠤᠷᠢᠵᠢᠭᠤᠯᠬᠤ᠂ ᠤᠰᠤ ᠳᠡᠭᠡᠭᠡᠵᠦ ᠬᠢᠵᠦ ᠬᠠᠳᠠᠭᠤᠷᠠᠭᠤᠯᠬᠤ ᠵᠡᠷᠭᠡ ᠠᠷᠭ᠎ᠠ ᠬᠡᠮᠵᠢᠶ᠎ᠡ ᠪᠠᠷ ᠡᠯᠡᠰᠦ ᠶᠢ ᠳᠤᠭᠳᠠᠪᠤᠷᠢᠵᠢᠭᠤᠯᠳᠠᠭ ᠢᠶᠠᠷ ᠪᠠᠷᠠᠬᠤ ᠦᠬᠡᠢ ᠮᠠᠯ  ᠤᠨ ᠢᠯᠭᠠᠳᠠᠰᠤ᠂ ᠬᠠᠭᠤᠷᠠᠢ ᠮᠦᠴᠢᠷ ᠨᠢ ᠬᠦᠷᠦᠰᠦᠨ ᠳᠤ ᠰᠢᠮ᠎ᠡ ᠨᠦᠬᠦᠵᠦ᠂ ᠳᠠᠷᠢᠭᠰᠠᠨ ᠡᠪᠡᠰᠦ ᠮᠤᠳᠤᠨ ᠳᠤ  ᠨᠢ ᠪᠤᠷᠳᠤᠭᠤᠷ ᠪᠤᠯᠵᠤ᠂ ᠤᠷᠭᠤᠯᠳᠠ ᠨᠢ ᠰᠠᠶᠢᠨ ᠪᠠᠶᠢᠳᠠᠭ᠃      ᠣᠯᠠᠨ ᠵᠢᠯ ᠤᠨ ᠡᠯᠡᠰᠦ ᠶᠢ ᠵᠠᠰᠠᠭᠰᠠᠨ ᠲᠤᠷᠰᠢᠯᠭ᠎ᠠ ᠪᠠᠨ ᠦᠨᠳᠦᠰᠦᠯᠡᠨ᠂ ᠡᠯᠡᠰᠦᠷᠭᠡᠭ ᠤᠷᠤᠨ ᠳᠤ ᠳᠠᠷᠢᠬᠤ  ᠳᠤ ᠳᠤᠬᠢᠷᠠᠮᠵᠢᠳᠠᠢ ᠡᠪᠡᠰᠦ ᠮᠤᠳᠤ ᠶᠢ ᠵᠢᠭᠰᠠᠭᠠᠨ ᠳᠡᠮᠳᠡᠭᠯᠡᠵᠦ ᠳᠡᠪᠳᠡᠷᠯᠡᠭᠰᠡᠨ ᠨᠢ ᠦᠯᠵᠡᠢ ᠨᠠᠰᠤᠳᠠᠨ ᠤ ᠬᠤᠪᠢ  ᠳᠤ ᠡᠨᠡ ᠨᠠᠰᠤᠨ ᠤ ᠬᠢᠨᠢ ᠦᠨᠡᠳᠦ ᠬᠦᠷᠦᠩᠭᠡ ᠶᠤᠮ᠃ ᠡᠲᠡᠭᠡᠷ ᠵᠢᠯ ᠤᠳ ᠲᠤ᠂ ᠳᠡᠷᠡ ᠲᠠᠰᠤᠷᠠᠯᠲᠠ ᠦᠭᠡᠢ ᠰᠤᠷᠤᠯᠴᠠᠵᠤ ᠪᠠᠶᠢᠨ ᠳᠠᠬᠢᠨ ᠳᠤᠷᠰᠢᠵᠤ᠂ ᠤᠷᠭᠤᠮᠠᠯ ᠤᠨ ᠤᠨᠳᠤᠷᠤᠯᠲᠠ ᠶᠢᠨ ᠨᠣᠷᠮ᠎ᠠ ᠳᠣᠣᠷ᠎ᠠ ᠵᠡᠷᠭᠡ ᠰᠢᠯᠲᠠᠭᠠᠨ ᠢ  ᠨᠢ ᠡᠷᠢᠵᠦ ᠳᠠᠬᠢᠨ ᠳᠠᠷᠢᠵᠤ᠂ ᠤᠨᠳᠤᠷᠤᠯᠲᠠ ᠶᠢᠨ ᠨᠣᠷᠮ᠎ᠠ ᠶᠢ ᠨᠢ ᠳᠡᠭᠡᠭᠰᠢᠯᠡᠬᠦᠯᠦᠨ᠂ 26 ᠵᠢᠯ ᠤᠨ ᠳᠤᠷᠰᠢ ᠤᠷᠢᠳ ᠬᠤᠵᠢᠳ ᠠᠷᠪᠠᠭᠠᠳ ᠲᠦᠮᠡᠨ ᠰᠠᠭᠤᠷᠢ ᠵᠤᠯᠵᠠᠭ᠎ᠠ ᠮᠣᠳᠣ ᠳᠠᠷᠢᠵᠤ᠂ ᠥᠪᠡᠷ ᠤᠨ 6159 ᠨᠤᠳᠤᠭ ᠪᠡᠯᠴᠢᠭᠡᠷ ᠤᠨ ᠢᠶᠠᠨ 1000 ᠮᠦ ᠬᠦᠨᠳᠦ ᠨᠣᠴᠢᠲᠠᠢ ᠡᠯᠡᠰᠦᠵᠢᠭᠰᠡᠨ ᠭᠠᠵᠠᠷ ᠢ ᠪᠦᠷᠢᠮᠦᠰᠦᠨ ᠰᠡᠷᠭᠦᠭᠡᠵᠦ᠂ 3000 ᠮᠦ ᠨᠤᠳᠤᠭ ᠢᠶᠠᠨ ᠠᠮᠵᠢᠯᠳᠠᠳᠠᠢ ᠤᠶᠢᠵᠢᠭᠤᠯᠵᠠᠢ᠃      ᠦᠯᠵᠡᠢ ᠨᠠᠰᠤᠳᠠᠨ᠄ ᠡᠯᠡᠰᠦᠨ ᠰᠢᠭᠤᠷᠭ᠎ᠠ ᠶᠡᠭᠡᠰᠴᠦ᠂ ᠪᠣᠷᠣᠭᠠᠨ ᠬᠤᠷ᠎ᠠ ᠬᠤᠪᠤᠷᠰᠢᠵᠤ ᠤᠷᠭᠤᠮᠠᠯ ᠤᠨ ᠬᠤᠴᠢᠯᠭ᠎ᠠ ᠮᠠᠭᠤᠳᠠᠭᠰᠠᠨ ᠵᠡᠷᠭᠡ ᠰᠢᠯᠲᠠᠭᠠᠨ ᠠᠴᠠ ᠪᠣᠯᠵᠤ᠂ ᠨᠤᠲᠤᠭ ᠤᠰᠤᠨ ᠤ ᠠᠮᠢ ᠠᠬᠤᠢ ᠶᠢᠨ ᠣᠷᠴᠢᠨ ᠲᠣᠭᠤᠷᠢᠨ ᠢᠶᠠᠨ ᠡᠷᠬᠡᠪᠰᠢ ᠬᠠᠮᠠᠭᠠᠯᠠᠨ ᠵᠠᠰᠠᠬᠤ ᠭᠡᠷᠡᠭᠳᠡᠢ ᠪᠤᠯᠵᠠᠢ᠃ ᠢᠩᠭᠢᠭᠡᠳ ᠪᠢ ᠡᠯᠡᠰᠦ  ᠶᠢ ᠡᠬᠢᠯᠡᠵᠦ ᠵᠠᠰᠠᠭᠠᠳ ᠨᠢᠭᠡᠨᠲᠡ 28 ᠵᠢᠯ ᠪᠣᠯᠣᠯ᠎ᠠ᠃ 1993 ᠣᠨ ᠠᠴᠠ ᠡᠬᠢᠯᠡᠨ ᠪᠢ ᠮᠠᠨ ᠤ ᠭᠡᠷ ᠤᠨ ᠠᠷᠤ  ᠶᠢᠨ ᠮᠠᠩᠬ᠎ᠠ ᠶᠡᠭᠡ ᠬᠤᠷᠳᠤᠨ ᠨᠡᠬᠦᠵᠦ ᠪᠠᠶᠢᠬᠤ ᠶᠢ ᠤᠯᠵᠤ ᠮᠡᠳᠡᠵᠡᠢ᠃ ᠮᠢᠨᠤ ᠦᠵᠡᠬᠦ ᠪᠠᠷ ᠵᠢᠯ ᠳᠤ ᠪᠠᠷᠤᠭ 1 ᠮᠧᠲᠷ ᠣᠷᠴᠢᠮ ᠨᠡᠬᠦᠵᠦ ᠪᠠᠶᠢᠨ᠎ᠠ᠃ ᠡᠨᠡ ᠪᠠᠶᠢᠳᠠᠯ ᠢ ᠦᠵᠡᠭᠡᠳ ᠪᠢ ᠡᠷᠬᠡᠪᠰᠢ ᠡᠯᠡᠰᠦᠷᠭᠡᠭᠵᠢᠬᠦ ᠶᠢ ᠰᠡᠷᠭᠡᠶᠢᠯᠡᠨ ᠡᠯᠡᠰᠦ ᠶᠢ ᠵᠠᠰᠠᠬᠤ ᠬᠡᠷᠡᠭᠲᠡᠢ ᠬᠡᠵᠦ ᠪᠤᠳᠤᠭᠠᠳ ᠣᠷᠴᠢᠨ ᠠᠬᠤᠢ ᠶᠢ ᠵᠠᠰᠠᠬᠤ ᠨᠡᠶᠢᠭᠡᠮᠯᠢᠭ ᠪᠠᠶᠢᠭᠤᠯᠵᠤ᠂ ᠪᠦᠬᠦ ᠭᠠᠴᠠᠭ᠎ᠠ ᠵᠢᠴᠢ ᠨᠡᠶᠢᠭᠡᠮᠯᠢᠭ ᠤᠨ 20 ᠭᠠᠷᠤᠢ ᠡᠷᠦᠬᠡ ᠲᠠᠢ ᠬᠠᠮᠲᠤ ᠪᠠᠷ 42000 ᠮᠦ ᠡᠯᠡᠰᠦᠷᠬᠡᠭ ᠭᠠᠵᠠᠷ ᠢ ᠵᠠᠰᠠᠵᠠᠢ᠃ ᠤᠳᠤ ᠪᠢ ᠭᠤᠣᠯᠳᠠᠭᠤ ᠭᠡᠷ ᠤᠨ ᠬᠦᠮᠦᠰ ᠢᠶᠠᠨ ᠳᠠᠭᠠᠭᠤᠯᠤᠨ ᠡᠯᠡᠰᠦ ᠶᠢ ᠵᠠᠰᠠᠬᠤ ᠠᠵᠢᠯ  ᠥᠷᠨᠢᠭᠦᠯᠵᠦ ᠪᠠᠶᠢᠨ᠎ᠠ᠃ ᠨᠤᠲᠤᠭ ᠤᠨ ᠢᠶᠠᠨ ᠨᠡᠭᠦᠳᠡᠯ ᠡᠯᠡᠰᠦᠷᠬᠡᠭ ᠭᠠᠵᠠᠷ ᠢ ᠦᠨᠳᠦᠰᠦᠨ ᠳᠡᠭᠡᠨ ᠵᠠᠰᠠᠭᠠᠳ ᠠᠮᠵᠢᠯᠲᠠ ᠣᠯᠣᠭᠰᠠᠨ᠃      ᠬᠡᠴᠢᠨᠡᠨ ᠵᠢᠯ ᠤᠨ ᠡᠯᠡᠰᠦ ᠶᠢ ᠵᠠᠰᠠᠬᠤ ᠶᠠᠪᠤᠴᠠ ᠳᠤ ᠬᠦᠴᠢᠷ ᠪᠡᠷᠭᠡᠰᠢᠶᠡᠯ ᠪᠠᠶᠢᠩᠭᠤ ᠯᠡ ᠳᠤᠬᠢᠶᠠᠯᠳᠤᠨ᠂ ᠪᠤᠯᠠᠵᠤ ᠳᠠᠷᠢᠭᠰᠠᠨ ᠡᠪᠡᠰᠦᠨ ᠦᠷ᠎ᠡ ᠨᠢ ᠤᠭᠤᠳᠤᠨ᠎ᠠ ᠶᠢᠨ ᠬᠦᠨᠦᠬᠡᠯ ᠳᠤ ᠤᠴᠠᠷᠠᠬᠤ᠂ ᠳᠠᠷᠢᠭᠰᠠᠨ ᠮᠤᠳᠤ ᠨᠢ ᠬᠤᠷᠤᠬᠠᠶᠢᠳᠠᠬᠤ᠂ ᠦᠬᠦᠵᠦ ᠬᠤᠬᠢᠷᠠᠬᠤ ᠵᠡᠷᠭᠡ ᠮᠠᠰᠢ ᠤᠯᠠᠨ ᠠᠰᠠᠭᠤᠳᠠᠯ ᠳᠤ ᠦᠯᠵᠡᠢ ᠨᠠᠰᠤᠳᠠᠨ ᠶᠡᠷᠦ ᠠᠴᠠ ᠪᠠᠨ ᠵᠤᠷᠢᠭ ᠮᠤᠬᠤᠭ᠎ᠠ ᠦᠬᠡᠢ᠂ ᠬᠠᠷᠢᠨ ᠴᠦ ᠡᠷᠳᠡᠯᠡᠵᠦ ᠤᠷᠤᠶᠢᠯᠠᠨ ᠪᠠᠯᠠᠷ ᠮᠠᠩᠬᠠᠨ ᠳᠤ ᠭᠠᠷᠴᠤ ᠴᠢᠬᠢ ᠮᠤᠳᠤ ᠪᠤᠶᠢᠵᠢᠭᠤᠯᠬᠤ ᠠᠷᠭ᠎ᠠ ᠤᠬᠠᠭᠠᠨ ᠬᠠᠶᠢᠵᠤ᠂ ︽ᠮᠠᠯᠠᠭᠠᠢ ᠠᠴᠠ ᠨᠢ ᠪᠢᠰᠢ᠂ ᠮᠠᠬᠠᠢ ᠠᠴᠠ ᠨᠢ ᠵᠠᠰᠠᠨ᠎ᠠ︾ ᠬᠡᠮᠡᠨ ᠡᠬᠢ ᠡᠬᠦᠰᠦᠯ ᠠᠴᠠ ᠨᠢ ᠵᠠᠰᠠᠬᠤ ᠳᠤᠷᠰᠢᠯᠭ᠎ᠠ ᠬᠤᠷᠠᠮᠳᠤᠭᠤᠯᠤᠨ᠂ ᠪᠤᠳᠠ ᠰᠢᠪᠠᠭ᠂ ᠬᠠᠷᠠᠭᠠᠨ᠎ᠠ ᠮᠡᠳᠦ ᠶᠢᠨ ᠡᠯᠡᠰᠦᠨ ᠭᠠᠵᠠᠷ ᠳᠤᠬᠢᠷᠠᠮᠵᠢᠳᠠᠢ ᠤᠯᠠᠨ ᠨᠠᠰᠤᠳᠤ ᠤᠷᠭᠤᠮᠠᠯ ᠢ ᠳᠠᠷᠢᠵᠤ ᠤᠷᠭᠤᠭᠤᠯᠤᠨ᠂ ᠦᠷ᠎ᠡ ᠬᠤᠶᠢᠴᠢᠰ ᠢᠶᠠᠨ ᠳᠠᠭᠠᠭᠤᠯᠤᠨ᠂ ᠦᠷᠭᠡᠨ ᠲᠦᠮᠡᠨ ᠢᠶᠠᠨ ᠳᠠᠶᠢᠴᠢᠯᠠᠵᠤ᠂ ᠮᠠᠩᠬᠠᠨ ᠨᠤᠳᠤᠭ ᠢᠶᠠᠨ ᠨᠤᠭᠤᠭᠠᠷᠠᠭᠤᠯᠬᠤ ᠦᠢᠯᠡᠰ ᠲᠤ ᠨᠠᠰᠤ ᠪᠠᠷ ᠢᠶᠠᠨ ᠵᠢᠳᠬᠦᠭᠰᠡᠨ ᠳᠤᠬᠠᠢ ᠪᠠᠨ ᠶᠠᠷᠢᠬᠤ ᠳᠤ ᠪᠠᠨ᠄ ︽ᠡᠭᠡ ᠤᠷᠤᠨ ᠳᠤ ᠪᠠᠨ ᠦᠴᠦᠭᠡᠨ ᠳᠤᠰᠠ ᠪᠠᠨ ᠡᠷᠬᠦᠵᠦ᠂ ᠦᠷ᠎ᠡ ᠬᠤᠶᠢᠴᠢᠰ ᠲᠤ ᠪᠠᠨ ᠡᠳ᠋ ᠮᠦᠩᠭᠦ ᠪᠢᠰᠢ᠂ ᠡᠭᠡ ᠳᠡᠯᠡᠭᠡᠢ ᠪᠠᠨ ᠨᠤᠭᠤᠭᠠᠨ ᠢᠶᠠᠷ ᠨᠢ ᠦᠯᠡᠳᠡᠭᠡᠵᠦ ᠂ ᠨᠡᠶᠢᠬᠡᠮ ᠨᠡᠶᠢᠳᠡ᠂ ᠭᠡᠷ ᠪᠦᠯᠢ ᠳᠤ ᠪᠠᠨ ᠤᠳᠬ᠎ᠠ ᠠᠭᠤᠯᠭ᠎ᠠ ᠲᠠᠢ ᠠᠵᠢᠯ ᠬᠢᠬᠦ ᠶᠢᠨ ᠲᠦᠯᠦᠬᠡ ᠶᠤᠮ︾ ᠭᠡᠯ᠎ᠡ᠃      ᠣᠯᠠᠨ ᠵᠢᠯ ᠤᠨ ᠲᠤᠷᠰᠢ᠂ ᠦᠯᠵᠡᠢ ᠨᠠᠰᠤᠳᠠᠨ  ᠠᠶᠢᠮᠠᠭ ᠬᠤᠰᠢᠭᠤ ᠳᠡᠰ ᠤᠨ ᠰᠢᠯᠢᠳᠡᠭ ᠡᠪ ᠬᠠᠮᠲᠤ ᠨᠠᠮ ᠤᠨ ᠭᠡᠰᠢᠭᠦᠨ᠂ ᠬᠤᠰᠢᠭᠤ ᠳᠡᠰ ᠤᠨ ᠬᠥᠳᠡᠯᠮᠦᠷᠢ ᠶᠢᠨ ᠵᠢᠱᠢᠶᠡᠴᠢ ᠂ ᠰᠣᠶᠣᠯ ᠲᠡᠦᠬᠡ ᠶᠢᠨ ᠮᠠᠲ᠋ᠧᠷᠢᠶᠠᠯ ᠤᠨ ᠠᠵᠢᠯ ᠤᠨ ᠲᠡᠷᠢᠭᠦᠨ ᠤ ᠬᠤᠪᠢ ᠬᠥᠮᠥᠨ ᠵᠡᠷᠭᠡ ᠢᠷᠠᠭᠤ ᠠᠯᠳᠠᠷ ᠢ ᠬᠦᠷᠳᠡᠭᠰᠡᠨ ᠤ ᠬᠠᠮᠲᠤ ︽ᠰᠢᠯᠢ ᠶᠢᠨ ᠭᠤᠣᠯ ᠠᠶᠢᠮᠠᠭ ᠤᠨ ᠰᠠᠶᠢᠨ ᠬᠥᠮᠥᠨ ᠤ ᠨᠡᠷᠡᠰ ᠤᠨ ᠵᠢᠭᠰᠠᠭᠠᠯᠲᠠ︾ ᠳᠤ ᠪᠦᠷᠢᠳᠭᠡᠭᠳᠡᠵᠦ᠂ ᠣᠶᠢᠷ᠎ᠠ ᠳᠤ᠂ ᠪᠠᠰᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ  ᠠᠴᠠ ᠥᠷᠨᠢᠭᠦᠯᠦᠭᠰᠡᠨ 2024 ᠣᠨ ᠤ ᠨᠢᠭᠡᠳᠦᠭᠡᠷ ᠤᠯᠠᠷᠢᠯ ᠤᠨ ︽ᠥᠪᠥᠷ ᠮᠣᠩᠭᠤᠯ ᠤᠨ ᠰᠠᠶᠢᠨ ᠬᠥᠮᠥᠨ ᠤ ᠨᠡᠷᠡᠰ ᠤᠨ ᠵᠢᠭᠰᠠᠭᠠᠯᠲᠠ︾ ᠳᠤ ᠪᠦᠷᠢᠳᠭᠡᠬᠦᠯᠬᠦ ᠵᠢᠱᠢᠭᠳᠡᠭᠴᠢ ᠪᠠᠷ ᠳᠤᠭᠳᠠᠭᠠᠭᠳᠠᠵᠠᠢ᠃      ᠮᠠᠨ ᠤ ᠬᠤᠰᠢᠭᠤ ᠡᠯᠡᠰᠦᠷᠭᠡᠭᠵᠢᠯ ᠢ ᠰᠡᠷᠭᠡᠶᠢᠯᠡᠨ᠂ ᠡᠯᠡᠰᠦ ᠶᠢ ᠵᠠᠰᠠᠬᠤ ᠠᠵᠢᠯ ᠢ ᠵᠢᠯ ᠤᠨ ᠵᠢᠯ ᠴᠢᠬᠤᠯᠠᠴᠢᠯᠠᠨ ᠠᠳᠬᠤᠵᠤ᠂ ᠡᠯ᠎ᠡ ᠱᠠᠳᠤ ᠪᠠᠷ ᠢᠶᠠᠨ ᠬᠠᠮᠳᠤᠷᠠᠯᠴᠠᠨ᠂ ᠮᠠᠯᠴᠢᠨ ᠲᠦᠮᠡᠨ ᠢᠳᠡᠪᠬᠢᠯᠡᠨ ᠤᠷᠤᠯᠴᠠᠵᠤ᠂ ᠨᠤᠳᠤᠭ ᠤᠷᠤᠨ ᠢᠶᠠᠨ ᠨᠤᠭᠤᠭᠠᠷᠠᠭᠤᠯᠬᠤ ᠦᠢᠯᠡᠰ ᠲᠤ ᠬᠠᠮᠳᠤᠪᠡᠷ ᠳᠡᠮᠡᠴᠡᠭᠰᠡᠨ ᠰᠠᠶᠢᠨ ᠰᠠᠶᠢᠬᠠᠨ ᠪᠠᠶᠢᠳᠠᠯ ᠪᠤᠢ ᠪᠤᠯᠵᠤ᠂ ᠡᠬᠡ ᠤᠯᠤᠰ ᠤᠨ ᠤᠮᠠᠷᠠᠳᠤ ᠶᠢᠨ ᠦᠵᠡᠰᠬᠦᠯᠡᠩᠳᠦ ᠰᠠᠶᠢᠬᠠᠨ ᠦᠵᠡᠮᠵᠢ ᠶᠢᠨ ᠤᠷᠤᠨ ᠢ ᠪᠦᠲᠦᠭᠡᠨ ᠪᠠᠶᠢᠭᠤᠯᠬᠤ ᠳᠤ ᠬᠠᠮᠳᠤ ᠶᠢᠨ ᠬᠦᠴᠦᠨ ᠢᠶᠠᠨ ᠡᠷᠬᠦᠵᠦ ᠪᠠᠶᠢᠭ᠎ᠠ ᠶᠤᠮ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号