ᠠᠵᠤ ᠠᠬᠤᠶᠢᠯᠠᠯ ᠤᠨ ᠢᠲᠡᠭᠡᠮᠵᠢ ᠶᠢ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠠᠵᠢᠯ ᠤᠨ ᠲᠥᠰᠦᠯ ᠢ ᠤᠯᠠᠮ ᠨᠢᠭᠡ ᠠᠯᠬᠤᠮ ᠠᠬᠢᠭᠤᠯᠬᠤ ᠲᠤᠬᠠᠶ ᠰᠥᠨᠢᠳ ᠪᠠᠷᠠᠭᠤᠨ ᠬᠤᠰᠢᠭᠤᠨ ᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/8/12
     ᠨᠢᠭᠡ᠂ ᠶᠡᠷᠦᠩᠬᠡᠢ ᠱᠠᠭᠠᠷᠳᠠᠯᠭ᠎ᠠ      ︵ᠨᠢᠭᠡ︶ ᠵᠢᠯᠤᠭᠤᠳᠬᠤ ᠦᠵᠡᠯ ᠰᠠᠨᠠᠭ᠎ᠠ      ᠰᠥᠨᠢᠳ ᠪᠠᠷᠠᠭᠤᠨ ᠬᠤᠰᠢᠭᠤᠨ ᠤ ︽ᠠᠵᠤ ᠠᠬᠤᠶᠢᠯᠠᠯ ᠤᠨ ᠢᠲᠡᠭᠡᠮᠵᠢ ᠶᠢ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠠᠵᠢᠯ ᠢ ᠤᠯᠠᠮ ᠨᠢᠭᠡ ᠠᠯᠬᠤᠮ ᠠᠬᠢᠭᠤᠯᠬᠤ ᠲᠤᠬᠠᠶ ᠲᠥᠰᠦᠯ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠲᠣᠰ ᠲᠥᠰᠦᠯ ᠤᠨ ᠵᠣᠷᠢᠯᠭ᠎ᠠ ᠨᠢ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠲᠦᠷᠭᠡᠳᠬᠡᠨ ᠬᠤᠪᠢᠷᠠᠭᠤᠯᠵᠤ᠂ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠲᠣᠭᠤᠷᠢᠨ ᠳᠤ᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠢ ᠪᠠᠶᠢᠭᠤᠯᠵᠤ᠂ ᠰᠢᠨ᠎ᠡ ᠶᠢ ᠡᠭᠦᠳᠬᠦ ᠪᠠ ᠬᠡᠷᠡᠭ ᠶᠠᠪᠤᠳᠠᠯ ᠤᠨ ᠡᠮᠦᠨᠡᠬᠢ ᠪᠥᠬᠦ ᠬᠡᠯᠬᠢᠶᠡᠨ ᠤ ᠪᠥᠬᠦ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠢᠲᠡᠭᠡᠮᠵᠢ ᠶᠢ ᠲᠠᠰ ᠲᠥᠷᠥᠯ ᠬᠤᠪᠢᠶᠠᠨ ᠬᠠᠮᠢᠶᠠᠷᠬᠤ ᠠᠵᠢᠯ ᠢ ᠬᠠᠤᠯᠢ ᠲᠣᠭᠲᠠᠭᠠᠯ ᠶᠣᠰᠣᠭᠠᠷ ᠠᠬᠢᠭᠤᠯᠵᠤ᠂ ᠬᠢᠨᠠᠯᠲᠠ ᠬᠠᠮᠢᠶᠠᠷᠤᠯᠲᠠ ᠶᠢᠨ ᠡᠬᠢ ᠪᠠᠶᠠᠯᠢᠭ ᠢ ᠵᠦᠶ ᠵᠣᠬᠢᠰᠲᠠᠶ ᠳᠣᠭᠢᠷᠠᠭᠤᠯᠬᠤ ᠪᠠ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠪᠡᠶᠡᠯᠡᠭᠦᠯᠦᠨ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ ᠶᠤᠮ᠃      ︵ᠬᠤᠶᠠᠷ︶ ᠦᠨᠳᠦᠰᠦᠨ ᠵᠠᠷᠴᠢᠮ      ᠬᠠᠷᠠᠯᠲᠠ ᠪᠠᠨ ᠲᠣᠳᠣᠷᠬᠠᠶᠢᠯᠠᠵᠤ᠂ ᠭᠤᠤᠯᠳᠠᠯᠭ᠎ᠠ ᠪᠠᠨ ᠳᠤᠪᠦ᠋ᠯᠭᠠᠨ᠎ᠠ᠄ ᠦᠨᠡᠯᠡᠬᠦ ᠭᠦᠶ᠋ᠴᠡᠳᠬᠡᠯ ᠲᠤᠭ᠎ᠠ ᠶᠢ ᠲᠣᠳᠣᠷᠬᠠᠶᠢᠯᠠᠵᠤ᠂ ᠦᠨᠡᠯᠡᠬᠦ ᠵᠠᠭᠪᠤᠷ ᠢ ᠲᠡᠭᠦᠯᠳᠡᠷᠵᠢᠭᠦᠯᠦᠨ᠂ ᠲᠠᠰ ᠲᠥᠷᠥᠯ ᠬᠤᠪᠢᠶᠠᠬᠤ ᠪᠠᠷᠢᠮᠵᠢᠶ᠎ᠠ ᠶᠢ ᠲᠣᠭᠲᠠᠭᠠᠵᠤ᠂ ᠦᠨᠡᠯᠡᠯᠲᠡ ᠶᠢᠨ ᠦᠷ᠎ᠡ ᠳ᠋ᠦᠩ ᠢ ᠭᠦᠶ᠋ᠴᠡᠳ ᠬᠡᠷᠡᠭᠯᠡᠨ᠂ ᠠᠵᠤ ᠠᠬᠤᠶᠢᠯᠠᠯ ᠤᠨ ᠢᠲᠡᠭᠡᠮᠵᠢ ᠶᠢ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ᠃      ᠤᠳᠠᠭ᠎ᠠ ᠳᠠᠷᠠᠭᠠᠯᠠᠨ ᠰᠢᠨᠡᠳᠬᠡᠪᠡᠯ᠂ ᠬᠥᠳᠡᠯᠦᠩᠭᠦᠶ ᠪᠠᠷ ᠬᠠᠮᠢᠶᠠᠷᠤᠨ᠎ᠠ᠄ ᠠᠵᠤ ᠠᠬᠤᠶᠢᠯᠠᠯ ᠤᠨ ᠣᠯᠠᠨ ᠨᠡᠶᠢᠲᠡ ᠶᠢᠨ ᠢᠲᠡᠭᠡᠮᠵᠢ ᠶᠢᠨ ᠶᠡᠷᠦᠩᠬᠡᠶᠢᠯᠡᠭᠰᠡᠨ ᠦᠨᠡᠯᠡᠯᠲᠡ ᠶᠢᠨ ᠬᠥᠳᠡᠯᠦᠩᠭᠦᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠰᠢᠨᠡᠳᠬᠡᠨ᠂ ᠦᠨᠡᠯᠡᠬᠦ ᠵᠠᠭᠪᠤᠷ ᠢ ᠦᠷᠭᠦᠯᠵᠢᠯᠡᠨ ᠰᠢᠯᠢᠳᠡᠭᠵᠢᠭᠦᠯᠵᠦ᠂ ᠦᠨᠡᠯᠡᠯᠲᠡ ᠶᠢᠨ ᠰᠢᠨᠵᠢᠯᠡᠬᠦ ᠤᠬᠠᠭᠠᠨᠴᠢ ᠴᠢᠨᠠᠷ᠂ ᠵᠦᠶ ᠶᠣᠰᠣᠴᠢ ᠴᠢᠨᠠᠷ ᠪᠠ ᠪᠦᠲᠦᠮᠵᠢᠲᠦ ᠴᠢᠨᠠᠷ ᠢ ᠳᠡᠭᠡᠭᠰᠢᠯᠡᠭᠦᠯᠦᠨ᠎ᠡ᠃      ᠬᠡᠷᠡᠭᠯᠡᠭᠡᠨ ᠢ ᠴᠢᠩᠭᠠᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠦᠨ᠎ᠡ᠄ ᠠᠵᠤ ᠠᠬᠤᠶᠢᠯᠠᠯ ᠤᠨ ᠢᠲᠡᠭᠡᠮᠵᠢ ᠶᠢᠨ ᠲᠦᠭᠰᠢᠭᠦᠷᠢ ᠶᠢᠨ ᠪᠠᠶᠢᠳᠠᠯ ᠪᠠ ᠬᠢᠨᠠᠨ ᠬᠡᠮᠵᠢᠵᠦ ᠰᠡᠷᠡᠮᠵᠢᠯᠡᠭᠦᠯᠬᠦ ᠦᠷ᠎ᠡ ᠳ᠋ᠦᠩ ᠢ ᠦᠨᠳᠦᠰᠦᠯᠡᠨ᠂ ᠬᠢᠨᠠᠨ ᠬᠠᠮᠢᠶᠠᠷᠬᠤ ᠭᠤᠤᠯᠳᠠᠯᠭ᠎ᠠ᠂ ᠬᠢᠨᠠᠨ ᠬᠠᠮᠢᠶᠠᠷᠬᠤ ᠠᠷᠭ᠎ᠠ ᠬᠡᠮᠵᠢᠶ᠎ᠡ᠂ ᠰᠤᠭᠤᠴᠢᠨ ᠪᠠᠶᠢᠴᠠᠭᠠᠬᠤ ᠬᠠᠷᠢᠴᠠᠯ ᠪᠠ ᠤᠳᠠᠭ᠎ᠠ ᠤᠳᠠᠭ᠎ᠠ ᠶᠢ ᠵᠦᠶ ᠵᠣᠬᠢᠰᠲᠠᠶ ᠲᠣᠭᠲᠠᠭᠠᠵᠤ᠂ ᠬᠢᠨᠠᠨ ᠬᠠᠮᠢᠶᠠᠷᠬᠤ ᠠᠷᠭ᠎ᠠ ᠮᠠᠶ᠋ᠢᠭ ᠢ ᠵᠦᠷᠢᠶᠡᠴᠢᠯᠡᠭᠰᠡᠨ᠂ ᠣᠨᠣᠪᠴᠢᠯᠠᠭᠰᠠᠨ ᠲᠡᠰᠢ ᠬᠤᠪᠢᠷᠠᠭᠤᠯᠬᠤ ᠶᠢ ᠠᠬᠢᠭᠤᠯᠤᠨ᠎ᠠ᠃      ᠬᠠᠮᠵᠢᠯᠴᠠᠨ ᠥᠨᠳᠥᠷ ᠪᠦᠲᠦᠮᠵᠢᠲᠡᠶ ᠪᠠᠶᠢᠵᠤ᠂ ᠬᠠᠮᠲᠤ ᠪᠠᠷ ᠡᠳ᠋ᠯᠡᠵᠦ ᠬᠠᠮᠲᠤ ᠪᠠᠷ ᠬᠡᠷᠡᠭᠯᠡᠨ᠎ᠡ᠄ ᠦᠵᠦ ᠲᠥᠯᠥᠪᠯᠡᠭᠡ ᠶᠢ ᠴᠢᠩᠭᠠᠳᠬᠠᠵᠤ᠂ ᠠᠵᠤ ᠠᠬᠤᠶᠢᠯᠠᠯ ᠤᠨ ᠢᠲᠡᠭᠡᠮᠵᠢ ᠶᠢᠨ ᠲᠦᠭᠰᠢᠭᠦᠷᠢ ᠶᠢ ᠲᠥᠷᠥᠯ ᠬᠤᠪᠢᠶᠠᠨ ᠬᠠᠮᠢᠶᠠᠷᠬᠤ ᠠᠵᠢᠯ ᠢ ᠬᠠᠤᠯᠢ ᠲᠣᠭᠲᠠᠭᠠᠯ ᠶᠣᠰᠣᠭᠠᠷ ᠬᠠᠮᠵᠢᠯᠴᠠᠨ ᠠᠬᠢᠭᠤᠯᠵᠤ᠂ ᠠᠵᠤ ᠠᠬᠤᠶᠢᠯᠠᠯ ᠤᠨ ᠢᠲᠡᠭᠡᠮᠵᠢ ᠶᠢᠨ ᠲᠦᠭᠰᠢᠭᠦᠷᠢ ᠶᠢ ᠲᠥᠷᠥᠯ ᠬᠤᠪᠢᠶᠠᠨ ᠦᠷ᠎ᠡ ᠳ᠋ᠦᠩ ᠢ ᠬᠠᠮᠲᠤ ᠪᠠᠷ ᠡᠳ᠋ᠯᠡᠵᠦ ᠬᠠᠮᠲᠤ ᠪᠠᠷ ᠬᠡᠷᠡᠭᠯᠡᠬᠦ ᠶᠢ ᠠᠬᠢᠭᠤᠯᠵᠤ᠂ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃      ︵ᠭᠤᠷᠪᠠ︶ ᠠᠵᠢᠯ ᠤᠨ ᠬᠠᠷᠠᠯᠲᠠ      2024 ᠣᠨ ᠤ ᠡᠴᠦᠰ ᠪᠣᠯᠬᠤ ᠳᠤ᠂ ᠭᠤᠤᠯᠳᠠᠯᠭ᠎ᠠ ᠲᠠᠢ ᠠᠵᠢᠯ ᠲᠥᠷᠥᠯ ᠤᠨ ᠲᠠᠰ ᠲᠥᠷᠥᠯ ᠬᠤᠪᠢᠶᠠᠭᠰᠠᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠠᠩᠬ᠎ᠠ ᠠᠯᠬᠤᠮ ᠪᠣᠶ ᠪᠣᠯᠭᠠᠵᠤ᠂ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠢᠯᠡᠳᠲᠡ ᠳᠡᠭᠡᠭᠰᠢᠯᠡᠭᠦᠯᠦᠨ᠎ᠡ᠃ 2025 ᠣᠨ ᠤ ᠡᠴᠦᠰ ᠪᠣᠯᠬᠤ ᠳᠤ᠂ ᠪᠥᠬᠦ ᠬᠤᠰᠢᠭᠤᠨ ᠤ ᠡᠯ᠎ᠡ ᠠᠵᠢᠯ ᠲᠥᠷᠥᠯ ᠤᠨ ᠲᠠᠰ ᠲᠥᠷᠥᠯ ᠬᠤᠪᠢᠶᠠᠭᠰᠠᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠢᠲᠡᠭᠡᠮᠵᠢ ᠪᠠᠷ ᠰᠠᠭᠤᠷᠢ ᠪᠣᠯᠭᠠᠭᠰᠠᠨ ᠰᠢᠨ᠎ᠡ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠦᠨᠳᠦᠰᠦᠨ ᠳᠡᠭᠡᠨ ᠪᠦᠷᠢᠯᠳᠦᠭᠦᠯᠦᠨ᠎ᠡ᠃      ᠬᠤᠶᠠᠷ᠂ ᠭᠤᠣᠯ ᠡᠭᠦᠷᠭᠡ      ︵ᠨᠢᠭᠡ︶᠂ ᠠᠵᠢᠯ ᠲᠥᠷᠥᠯ ︵ᠬᠦᠷᠢᠶ᠎ᠡ ᠬᠡᠪᠴᠢᠶ᠎ᠡ︶ ᠢᠲᠡᠬᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠬᠢᠴᠢᠯᠠᠯᠲᠠ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃    ᠢᠲᠡᠭᠡᠮᠵᠢ ᠶᠢᠨ ᠮᠡᠳᠡᠭᠡ ᠵᠠᠩᠭᠢ ᠶᠢ ᠪᠥᠬᠦ ᠲᠠᠯ᠎ᠠ ᠪᠠᠷ ᠴᠤᠭᠯᠠᠭᠤᠯᠤᠨ᠎ᠠ᠄ ᠭᠤᠤᠯᠳᠠᠯᠭ᠎ᠠ ᠲᠠᠢ ᠠᠵᠢᠯ ᠲᠥᠷᠥᠯ ︵ᠬᠦᠷᠢᠶ᠎ᠡ ᠴᠠᠷᠠᠭ᠎ᠠ︶ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠵᠢᠴᠢ ᠲᠡᠭᠦᠨ ᠤ ᠠᠵᠢᠯ ᠡᠷᠭᠢᠯᠡᠭᠰᠡᠳ ᠤᠨ ᠢᠲᠡᠭᠡᠮᠵᠢ ᠶᠢᠨ ᠲᠡᠮᠳᠡᠭᠯᠡᠯ ᠪᠠ ᠢᠲᠡᠭᠡᠮᠵᠢ ᠶᠢᠨ ᠲᠠᠩᠰᠠ ᠡᠪᠬᠡᠮᠡᠯ ᠢ ᠪᠠᠶᠢᠭᠤᠯᠤᠨ ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠯᠤᠭ᠎ᠠ ᠬᠤᠯᠪᠣᠭᠳᠠᠬᠤ ᠡᠯ᠎ᠡ ᠲᠥᠷᠥᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ᠎ᠠ᠃      ᠢᠲᠡᠭᠡᠮᠵᠢ ᠶᠢᠨ ᠲᠦᠭᠰᠢᠭᠦᠷᠢ ᠶᠢ ᠳᠡᠰ ᠲᠥᠷᠥᠯ ᠬᠤᠪᠢᠶᠠᠬᠤ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠪᠠᠶᠢᠭᠤᠯᠤᠨ᠎ᠠ᠄ ᠡᠯ᠎ᠡ ᠠᠵᠢᠯ ᠲᠥᠷᠥᠯ ︵ᠬᠦᠷᠢᠶ᠎ᠡ ᠴᠠᠷᠠᠭ᠎ᠠ︶ ᠤᠨ ᠬᠠᠷᠢᠭᠤᠴᠠᠯᠭᠠᠲᠤ ᠰᠠᠯᠠᠭ᠎ᠠ ᠮᠥᠴᠢᠷ ᠤᠳ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠨᠢᠭᠡᠨᠲᠡ ᠪᠠᠶᠢᠭᠤᠯᠤᠭᠰᠠᠨ ᠢᠲᠡᠭᠡᠮᠵᠢ ᠶᠢᠨ ᠲᠦᠭᠰᠢᠭᠦᠷᠢ ᠶᠢ ᠲᠠᠰ ᠲᠥᠷᠥᠯ ᠬᠤᠪᠢᠶᠠᠬᠤ ᠭᠦᠢᠴᠡᠳᠬᠡᠯ ᠲᠤᠭ᠎ᠠ ᠶᠢ ᠲᠣᠭᠲᠠᠭᠠᠬᠤ ᠪᠤᠶᠤ ᠬᠡᠷᠡᠭᠯᠡᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠰᠢᠨᠵᠢᠯᠡᠬᠦ ᠤᠬᠠᠭᠠᠨᠴᠢ ᠪᠠᠷ ᠪᠦᠲᠦᠮᠵᠢᠲᠡᠶ ᠬᠢᠨᠠᠨ ᠬᠠᠮᠢᠶᠠᠷᠬᠤ ᠶᠢ ᠪᠡᠶᠡᠯᠡᠭᠦᠯᠦᠨ᠎ᠡ᠃      ᠣᠯᠠᠨ ᠨᠡᠶᠢᠲᠡ ᠶᠢᠨ ᠢᠲᠡᠭᠡᠮᠵᠢ ᠶᠢᠨ ᠶᠡᠷᠦᠩᠬᠡᠶᠢᠯᠡᠭᠰᠡᠨ ᠦᠨᠡᠯᠡᠯᠲᠡ ᠶᠢᠨ ᠦᠷ᠎ᠡ ᠳ᠋ᠦᠩ᠄ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠣᠯᠠᠨ ᠨᠡᠶᠢᠲᠡ ᠶᠢᠨ ᠢᠲᠡᠭᠡᠮᠵᠢ ᠶᠢᠨ ᠶᠡᠷᠦᠩᠬᠡᠶᠢᠯᠡᠭᠰᠡᠨ ᠦᠨᠡᠯᠡᠯᠲᠡ ᠶᠢᠨ ᠦᠷ᠎ᠡ ᠳ᠋ᠦᠩ ᠢ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠰᠠᠭᠤᠷᠢ ᠴᠢᠨᠠᠷᠲᠠᠶ ᠦᠨᠳᠦᠰᠦᠯᠡᠯ ᠪᠣᠯᠭᠠᠵᠤ᠂ ᠵᠦᠷᠢᠶᠡᠴᠢᠯᠡᠭᠰᠡᠨ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃      ᠮᠡᠳᠡᠭᠦᠯᠦᠨ ᠬᠦᠷᠭᠡᠵᠦ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠄ ᠡᠯ᠎ᠡ ᠠᠵᠢᠯ ᠲᠥᠷᠥᠯ ︵ᠬᠦᠷᠢᠶ᠎ᠡ ᠴᠠᠷᠠᠭ᠎ᠠ︶ ᠤᠨ ᠬᠠᠷᠢᠭᠤᠴᠠᠯᠭᠠᠲᠤ ᠰᠠᠯᠠᠭ᠎ᠠ ᠮᠥᠴᠢᠷ ᠤᠳ ᠴᠤᠭᠯᠠᠭᠤᠯᠤᠭᠰᠠᠨ ᠢᠲᠡᠭᠡᠮᠵᠢ ᠶᠢᠨ ᠮᠡᠳᠡᠭᠡ ᠵᠠᠩᠭᠢ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠦᠨᠡᠯᠡᠭᠰᠡᠨ ᠦᠷ᠎ᠡ ᠳ᠋ᠦᠩ ᠪᠠ ᠵᠡᠷᠭᠡ ᠳᠡᠰ ᠵᠡᠷᠭᠡ ᠶᠢᠨ ᠮᠡᠳᠡᠭᠡ ᠵᠠᠩᠭᠢ ᠶᠢ ᠢᠯᠡ ᠪᠣᠯᠭᠠᠬᠤ ᠶᠢᠨ ᠬᠠᠮᠲᠤ ᠰᠢᠯᠢ ᠶᠢᠨ ᠭᠤᠤᠯ ᠠᠶᠢᠮᠠᠭ ᠤᠨ ᠣᠯᠠᠨ ᠨᠡᠶᠢᠲᠡ ᠳᠤ ᠬᠦᠷᠲᠡᠯ᠎ᠡ ᠬᠠᠮᠲᠤ ᠪᠠᠷ ᠡᠳ᠋ᠯᠡᠬᠦ ᠬᠡᠷᠡᠭᠲᠡᠶ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠬᠠᠤ ᠤᠷᠤᠨ ᠤ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号