︽ᠪᠤᠳᠠᠰ ᠤᠨ ᠪᠤᠰᠤ ᠰᠤᠶᠤᠯ ᠤᠨ ᠦᠪ︾  ᠢ ᠰᠤᠷᠭᠠᠭᠤᠯᠢ ᠶᠢᠨ ᠬᠦᠷᠢᠶᠡᠨ ᠳᠤ ᠤᠷᠤᠭᠤᠯᠵᠤ ᠤᠯᠠᠮᠵᠢᠯᠠᠯᠳᠤ ᠰᠤᠶᠤᠯ ᠢᠶᠠᠨ ᠦᠰᠪᠦᠷᠢ ᠪᠠᠭᠠᠴᠤᠤᠯ ᠳᠤ ᠪᠠᠨ ᠤᠯᠠᠮᠵᠢᠯᠠᠯ᠎ᠠ
ᠨᠡᠶᠢᠲᠡᠯᠡᠭᠰᠡᠨ ᠴᠠᠭ᠄
2024/8/14
     ᠣᠶᠢᠷ᠎ᠠ ᠳᠤ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠤᠶᠤᠳᠠᠢ ᠬᠤᠰᠢᠭᠤ ᠳᠠᠪᠤᠳᠤᠭᠠᠷ ᠪᠠᠭ᠎ᠠ ᠰᠤᠷᠭᠠᠭᠤᠯᠢ ᠳᠤ ︽ᠪᠣᠳᠠᠰ ᠤᠨ ᠪᠤᠰᠤ ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ ᠬᠦᠷᠭᠡᠬᠦ︾ ᠴᠠᠭᠠᠨ ᠢᠳᠡᠭᠡᠨ ᠪᠤᠯᠪᠠᠰᠤᠷᠠᠭᠤᠯᠬᠤ ᠠᠵᠢᠯᠯᠠᠭ᠎ᠠ ᠥᠷᠨᠢᠭᠦᠯᠵᠦ᠂ ᠰᠤᠷᠤᠭᠴᠢᠳ ᠲᠤ ᠰᠦᠨᠢᠳ ᠨᠤᠳᠤᠭ ᠤᠨ ᠤᠯᠠᠮᠵᠢᠯᠠᠯᠳᠤ ᠴᠠᠭᠠᠨ ᠢᠳᠡᠭᠡᠨ ᠢ ᠳᠠᠨᠢᠯᠴᠠᠭᠤᠯᠤᠨ᠂ ᠰᠢᠷ᠎ᠠ ᠰᠦᠨ ᠤ ᠰᠢᠬᠢᠷ᠂ ᠤᠮᠳᠠᠭᠠᠨ ᠬᠢᠬᠦ ᠤᠷ᠎ᠠ ᠮᠡᠷᠭᠡᠵᠢᠯ  ᠢ ᠵᠢᠭᠠᠵᠠᠢ᠃      ᠠᠩᠭᠢ ᠶᠢᠨ ᠬᠡᠷ ᠲᠤ ᠰᠦ ᠴᠠᠭ᠎ᠠ ᠠᠩᠭᠢᠯᠤᠨ᠂ ᠰᠢᠬᠢᠷ ᠵᠢᠮᠢᠰ ᠤᠨ ᠰᠤᠳᠤᠨ ᠦᠨᠦᠷ ᠰᠡᠩᠭᠢᠨᠡᠨ᠎ᠡ᠃ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠤᠶᠤᠳᠠᠢ ᠭᠡᠦᠭᠡᠳ ᠤᠳ ᠲᠤ ᠰᠦᠨᠢᠳ ᠤᠯᠠᠮᠵᠢᠯᠠᠯᠳᠤ ᠴᠠᠭᠠᠨ ᠢᠳᠡᠬᠡᠨ ᠤ ᠲᠦᠷᠦᠯ ᠵᠦᠢᠯ᠂ ᠰᠢᠮ᠎ᠡ ᠳᠡᠵᠢᠬᠡᠯ᠂ ᠴᠠᠭᠠᠨ ᠢᠳᠡᠭᠡᠨ ᠤ ᠤᠳᠤ ᠮᠠᠶ᠋ᠢᠭ ᠤᠨ ᠰᠢᠨ᠎ᠡ ᠪᠦᠲᠦᠭᠡᠭᠳᠡᠬᠦᠨ ᠵᠡᠷᠭᠡ ᠶᠢ ᠳᠠᠨᠢᠯᠴᠠᠭᠤᠯᠤᠨ᠂ ᠬᠤᠷᠤᠳ ᠬᠢᠬᠦ᠂ ᠰᠢᠷ᠎ᠠ ᠰᠦᠨ ᠤ ᠰᠢᠬᠢᠷ᠂ ᠵᠢᠮᠢᠰ ᠲᠠᠢ ᠤᠮᠳᠠᠭᠠᠨ ᠬᠢᠬᠦ ᠵᠡᠷᠭᠡ ᠶᠢ ᠵᠢᠭᠠᠵᠤ᠂ ᠰᠤᠷᠤᠭᠴᠢᠳ ᠦᠪᠡᠷᠰᠡᠳ ᠤᠨ ᠢᠶᠠᠨ ᠬᠢᠭᠰᠡᠨ ᠰᠢᠬᠢᠷ ᠤᠮᠳᠠᠭᠠᠨ ᠢ ᠠᠮᠰᠠᠬᠤ ᠶᠢᠨ ᠳᠠᠭᠠᠤ ᠨᠤᠳᠤᠭ ᠤᠰᠤᠨ ᠤ ᠪᠠᠨ ᠤᠨᠴᠠᠯᠢᠭᠳᠤ ᠢᠳᠡᠬᠡᠨ ᠤᠮᠳᠠᠭᠠᠨ ᠤ ᠰᠤᠶᠤᠯ᠂ ᠤᠯᠠᠮᠵᠢᠯᠠᠯᠳᠤ ᠰᠤᠶᠤᠯ ᠵᠠᠩᠰᠢᠯ  ᠤᠨ ᠳᠤᠬᠠᠢ ᠤᠯᠠᠮ ᠬᠦᠨᠵᠡᠬᠡᠢ ᠤᠶᠢᠯᠠᠭᠠᠵᠠᠢ᠃      ᠴᠡᠪᠡᠷ ᠪᠠᠶᠢᠭᠠᠯᠢᠯᠢᠭ᠂ ᠰᠢᠮ᠎ᠡ ᠲᠡᠵᠢᠬᠡᠯ ᠤᠨ ᠦᠨ᠎ᠡ ᠦᠷᠳᠡᠭ ᠶᠡᠬᠡᠳᠡᠢ ᠰᠦᠨᠢᠳ ᠴᠠᠭᠠᠨ ᠢᠳᠡᠭᠡ ᠨᠢ ᠠᠵᠢᠯᠴᠢ ᠮᠠᠯᠴᠢᠳ ᠤᠨ ᠤᠶᠢᠭ᠎ᠠ ᠦᠬᠡᠢ ᠬᠦᠳᠡᠯᠮᠦᠷᠢ ᠪᠠᠷ ᠤᠯᠠᠮᠵᠢᠯᠠᠯᠳᠤ ᠪᠠ ᠤᠳᠤ ᠮᠠᠶ᠋ᠢᠭ ᠢ ᠤᠶᠠᠯᠳᠤᠭᠤᠯᠤᠭᠰᠠᠨ ᠤᠯᠠᠮ ᠤᠯᠠᠨ ᠲᠦᠷᠦᠯ ᠪᠤᠯᠤᠨ ᠬᠦᠭᠵᠢᠵᠦ᠂ ᠰᠦᠨᠢᠳ ᠨᠤᠳᠤᠭ ᠤᠨ ᠠᠭᠤᠳᠠᠯᠤᠭᠠᠳ ᠪᠠᠷᠠᠰᠢ ᠦᠬᠡᠢ ᠦᠪ ᠰᠤᠶᠤᠯ ᠤᠨ ᠨᠢᠭᠡ ᠪᠤᠯᠤᠭᠰᠠᠨ ᠶᠤᠮ᠃ ᠳᠤᠰ ᠤᠳᠠᠭᠠᠨ ᠤ ︽ᠪᠣᠳᠠᠰ ᠤᠨ ᠪᠤᠰᠤ ᠰᠣᠶᠣᠯ  ᠤᠨ ᠥᠪ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠠᠵᠢᠯᠯᠠᠭ᠎ᠠ ᠨᠢ ᠮᠠᠨ ᠤ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ ᠪᠠ ᠬᠥᠭᠵᠢᠭᠦᠯᠬᠦ ᠪᠠᠷ ᠭᠤᠣᠯᠳᠠᠯᠭ᠎ᠠ ᠪᠣᠯᠭᠠᠵᠤ᠂ ︽ᠪᠣᠳᠠᠰ ᠤᠨ ᠪᠤᠰᠤ ᠰᠣᠶᠣᠯ ᠤᠨ ᠥᠪ︾ ᠤᠨ ᠦᠷ᠎ᠡ ᠶᠢ ᠵᠠᠯᠠᠭᠤᠴᠤᠳ ᠪᠠᠭᠠᠴᠤᠳ ᠤᠨ ᠰᠡᠳᠬᠢᠯ  ᠳᠤ ᠦᠨᠳᠦᠰᠦᠯᠡᠬᠦᠯᠵᠦ ᠪᠠᠶᠢᠭ᠎ᠠ ᠶᠢᠨ ᠢᠯᠡᠷᠡᠯ ᠶᠤᠮ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号