ᠠᠩᠬᠠᠳᠤᠭᠠᠷ ᠬᠤᠭᠤᠴᠠᠭᠠᠨ ᠤ ᠵᠢᠷᠭᠤᠭᠠᠨ ᠮᠤᠵᠢ ᠣᠷᠣᠨ ᠤ ᠵᠠᠯᠠᠭᠤᠴᠤᠳ ᠪᠠᠭᠠᠴᠤᠳ ᠤᠨ ᠮᠢᠭᠮᠡᠨ ᠰᠢᠳᠠᠷ᠎ᠠ ᠶᠢᠨ ᠤᠷᠢᠯᠭ᠎ᠠ ᠶᠢᠨ ᠤᠷᠤᠯᠳᠤᠭᠠᠨ ᠡᠬᠢᠯᠡᠭᠰᠡᠨ
ᠨᠡᠶᠢᠲᠡᠯᠡᠭᠰᠡᠨ ᠴᠠᠭ᠄
2024/8/17
     8 ᠰᠠᠷ᠎ᠠ ᠶᠢᠨ 15 ᠤ ᠡᠳᠦᠷ᠂ ᠠᠩᠬᠠᠳᠤᠭᠠᠷ ᠬᠤᠭᠤᠴᠠᠭᠠᠨ ᠤ ︽ᠪᠡᠭᠡᠵᠢᠩ ᠲᠢᠶᠠᠨᠵᠢᠨ ᠾᠧᠪᠧᠶ ᠱᠠᠨ ᠰᠢ ᠱᠠᠨᠰᠢ ᠥᠪᠥᠷ ᠮᠣᠩᠭᠤᠯ︾ ᠵᠢᠷᠭᠤᠭᠠᠨ ᠮᠤᠵᠢ ᠣᠷᠣᠨ ᠤ ᠵᠠᠯᠠᠭᠤᠴᠤᠳ ᠪᠠᠭᠠᠴᠤᠳ ᠤᠨ ᠮᠢᠭᠮᠡᠨ ᠰᠢᠳᠠᠷ᠎ᠠ  ᠶᠢᠨ ᠤᠷᠢᠯᠭ᠎ᠠ ᠶᠢᠨ ᠤᠷᠤᠯᠳᠤᠭᠠᠨ ᠮᠠᠨ ᠤ ᠬᠤᠰᠢᠭᠤᠨ ᠳᠤ ᠡᠬᠢᠯᠡᠵᠦ᠂ ᠪᠡᠭᠡᠵᠢᠩ᠂ ᠱᠠᠨ ᠰᠢ᠂ ᠬᠥᠬᠡᠬᠤᠲᠠ᠂ ᠪᠤᠭᠤᠲᠤ ᠬᠤᠳᠠ ᠵᠡᠷᠭᠡ ᠭᠠᠵᠠᠷ ᠠᠴᠠ ᠬᠦᠷᠦᠯᠴᠡᠨ ᠢᠷᠡᠭᠰᠡᠨ 18 ᠲᠥᠯᠥᠭᠡᠯᠡᠭᠴᠢᠳ ᠤᠨ ᠠᠩᠭᠢ ᠶᠢᠨ 210 ᠲᠠᠮᠢᠷᠴᠢᠨ ᠤᠷᠤᠯᠳᠤᠭᠠᠨ ᠳᠤ ᠤᠷᠤᠯᠴᠠᠵᠠᠢ᠃ ᠤᠷᠤᠯᠳᠤᠭᠠᠨ ᠨᠢ ᠬᠤᠰᠢᠭᠤ ᠪᠡᠶ᠎ᠡ ᠲᠠᠮᠢᠷ ᠤᠨ ᠬᠥᠳᠡᠯᠭᠡᠭᠡᠨ ᠤ ᠲᠥᠪ ᠲᠤ ᠡᠬᠢᠯᠡᠨ᠂ ᠬᠤᠰᠢᠭᠤ ᠳᠡᠳ᠋ ᠳᠠᠷᠤᠭ᠎ᠠ ᠶᠠᠩ ᠵᠠᠨ ᠴᠢᠩ ᠡᠬᠢᠯᠡᠯᠳᠡ ᠶᠢᠨ ᠶᠤᠰᠤᠯᠠᠯ ᠳᠤ ᠪᠠᠶᠠᠷ ᠤᠨ ᠶᠠᠷᠢᠶ᠎ᠠ ᠬᠢᠭᠰᠡᠨ ᠤ ᠬᠠᠮᠳᠤ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠤᠷᠤᠯᠳᠤᠭᠠᠨ ᠤ ᠡᠬᠢᠯᠡᠭᠰᠡᠨ ᠳᠤ ᠬᠠᠯᠠᠭᠤᠨ ᠪᠠᠶᠠᠷ ᠬᠦᠷᠭᠡᠪᠡ᠃      ᠤᠷᠤᠯᠳᠤᠭᠠᠨ ᠤ ᠬᠢᠨᠠᠭᠴᠢᠳ ᠪᠠ ᠤᠷᠤᠯᠴᠠᠭᠴᠢᠳ ᠳᠡᠰ ᠳᠠᠷᠠᠭᠠᠯᠠᠨ ᠳᠠᠩᠭᠠᠷᠢᠭ ᠬᠢᠵᠦ᠂ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠮᠢᠭᠮᠡᠨ ᠰᠢᠳᠠᠷ᠎ᠠ ᠶᠢᠨ ᠨᠡᠶᠢᠭᠡᠮᠯᠢᠭ ᠤᠨ ᠪᠠᠶᠢᠩᠭᠤ ᠶᠢᠨ ᠳᠡᠳ᠋ ᠲᠡᠷᠢᠭᠦᠯᠡᠭᠴᠢ ᠴᠧᠨ ᠰᠢᠩ ᠯᠢᠨ ᠤᠷᠤᠯᠳᠤᠭᠠᠨ ᠡᠬᠢᠯᠡᠭᠰᠡᠨ ᠢ ᠵᠠᠷᠯᠠᠪᠠ᠃ ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠢ ᠪᠠᠭ᠎ᠠ ᠰᠤᠷᠭᠠᠭᠤᠯᠢ ᠶᠢᠨ ᠳᠤᠭᠤᠶᠢᠯᠠᠩ᠂ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠪᠠ ᠬᠠᠮᠳᠤ ᠨᠡᠶᠢᠳᠡ ᠶᠢᠨ ᠳᠤᠭᠤᠶᠢᠯᠠᠩ ᠭᠡᠵᠦ ᠬᠤᠪᠢᠶᠠᠨ᠂ ᠳᠤᠮᠳᠠᠳᠤ ᠤᠯᠤᠰ ᠤᠨ ᠮᠢᠭᠮᠡᠨ ᠰᠢᠳᠠᠷ᠎ᠠ ᠶᠢᠨ ᠨᠡᠶᠢᠭᠡᠮᠯᠢᠭ ᠤᠨ ᠲᠣᠭᠲᠠᠭᠠᠭᠰᠠᠨ ᠬᠠᠮᠤᠭ ᠰᠢᠨ᠎ᠡ ᠤᠷᠤᠯᠳᠤᠭᠠᠨ ᠤ ᠲᠦᠷᠢᠮ ᠢ ᠬᠡᠷᠡᠭᠵᠢᠭᠦᠯᠵᠦ᠂ ᠡᠯ᠎ᠡ ᠳᠤᠭᠤᠶᠢᠯᠠᠩ ᠤᠨ ᠤᠯᠤᠭᠰᠠᠨ ᠶᠡᠷᠦᠩᠭᠡᠢ ᠬᠤᠪᠢ ᠪᠠᠷ ᠰᠢᠯᠭᠠᠷᠠᠭᠤᠯᠤᠨ᠂ ᠤᠷᠤᠯᠳᠤᠭᠠᠨ ᠳᠤ ᠣᠷᠣᠯᠴᠠᠭᠰᠠᠨ ᠬᠥᠮᠦᠨ ᠤ ᠲᠤᠭ᠎ᠠ ᠶᠢ ᠦᠨᠳᠦᠰᠦᠯᠡᠨ ᠡᠯ᠎ᠡ ᠳᠤᠭᠤᠶᠢᠯᠠᠩ ᠤᠨ ᠡᠭᠡᠯᠵᠢ ᠳᠠᠷᠠᠭᠠᠯᠠᠯ ᠢ ᠲᠣᠭᠲᠠᠭᠠᠨ᠎ᠠ᠃      ᠤᠷᠤᠯᠳᠤᠭᠠᠨ ᠤ ᠳᠤᠮᠳᠠ᠂ ᠪᠢᠴᠢᠬᠠᠨ ᠰᠢᠳᠠᠷᠠᠴᠢᠳ ᠰᠢᠳᠠᠷ᠎ᠠ ᠶᠢᠨ ᠬᠦᠯᠭᠡ ᠳᠡᠭᠡᠷ᠎ᠡ ᠤᠬᠠᠭᠠᠨ ᠰᠤᠷᠢᠵᠤ ᠳᠤᠷᠰᠢᠯᠭ᠎ᠠ ᠪᠠᠨ ᠮᠦᠷᠦᠶᠢᠴᠡᠨ᠂ ᠤᠷᠤᠯᠳᠤᠭᠠᠨ ᠤ ᠳᠠᠯᠠᠪᠠᠢ ᠡᠶ᠎ᠡ ᠨᠡᠶᠢᠷᠳᠡᠢ ᠬᠤᠷᠴᠠ ᠰᠢᠷᠦᠬᠦᠨ ᠦᠷᠢᠰᠦᠯᠳᠦᠭᠡᠨᠳᠦ ᠠᠭᠤᠷ ᠠᠮᠢᠰᠬᠤᠯ ᠢᠶᠠᠷ ᠪᠢᠯᠬᠠᠨ᠎ᠠ᠃      ᠲᠤᠰ ᠤᠳᠠᠭ᠎ᠠ ᠶᠢᠨ ᠠᠵᠢᠯᠯᠠᠭ᠎ᠠ ᠨᠢ ᠮᠢᠭᠮᠡᠨ ᠰᠢᠲᠠᠷ᠎ᠠ ᠪᠠᠷ ᠵᠠᠭᠤᠴᠢ ᠪᠣᠯᠭᠠᠵᠤ᠂ ᠡᠯ᠎ᠡ ᠮᠤᠵᠢ ᠬᠤᠳᠠ ᠶᠢᠨ ᠵᠠᠯᠠᠭᠤᠴᠤᠳ ᠪᠠᠭᠠᠴᠤᠳ ᠢᠶᠠᠷ ᠭᠤᠣᠯ ᠴᠣᠭᠴᠠ ᠪᠣᠯᠭᠠᠵᠤ᠂ ᠰᠣᠶᠣᠯ ᠤᠨ ᠰᠣᠯᠢᠯᠴᠠᠭ᠎ᠠ ᠪᠠᠷ ᠭᠤᠣᠯᠳᠠᠯᠭ᠎ᠠ ᠪᠣᠯᠭᠠᠵᠤ᠂ ᠵᠠᠯᠠᠭᠤᠴᠤᠳ ᠪᠠᠭᠠᠴᠤᠳ ᠲᠤ ᠬᠠᠷᠢᠯᠴᠠᠨ ᠰᠤᠷᠤᠯᠴᠠᠬᠤ᠂ ᠬᠠᠮᠲᠤ ᠪᠠᠷ ᠳᠡᠭᠡᠭᠰᠢᠯᠡᠬᠦ ᠲᠠᠪᠴᠠᠩ ᠬᠠᠩᠭᠠᠵᠤ᠂ ᠵᠠᠯᠠᠭᠤᠴᠤᠳ ᠪᠠᠭᠠᠴᠤᠳ ᠤᠨ ᠳᠤᠮᠳᠠᠳᠤ ᠶᠢᠨ ᠰᠣᠶᠣᠯ ᠤᠨ ᠲᠤᠬᠠᠢ ᠮᠡᠳᠡᠷᠡᠮᠵᠢ ᠶᠢ ᠳᠡᠭᠡᠭᠰᠢᠯᠡᠭᠦᠯᠵᠦ᠂ ᠰᠣᠶᠣᠯ ᠲᠠᠮᠢᠷ ᠤᠨ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠪᠣᠯᠤᠨ᠎ᠠ᠃ ︽ᠪᠦᠬᠦ ᠤᠯᠤᠰ ᠤᠨ ᠮᠢᠭᠮᠡᠨ ᠰᠢᠳᠠᠷ᠎ᠠ ᠶᠢᠨ ᠦᠯᠦᠬᠡᠢ︾ ᠪᠤᠯᠤᠭᠰᠠᠨ ᠤ ᠬᠤᠪᠢ ᠳᠤ ᠮᠠᠨ ᠤ ᠬᠤᠰᠢᠭᠤ ᠤᠶᠢᠷ᠎ᠠ ᠶᠢᠨ ᠵᠢᠯ᠂ ᠣᠯᠠᠨ ᠤᠳᠠᠭ᠎ᠠ ᠣᠯᠠᠨ ᠲᠥᠷᠥᠯ ᠤᠨ ᠲᠣᠮᠣᠬᠠᠨ ᠬᠡᠪᠴᠢᠶᠡᠨ ᠤ ᠮᠢᠭᠮᠡᠨ ᠰᠢᠳᠠᠷ᠎ᠠ ᠶᠢᠨ ᠤᠷᠤᠯᠳᠤᠭᠠᠨ ᠳᠡᠮᠡᠴᠡᠭᠡᠨ ᠢᠳᠡᠪᠬᠢᠲᠡᠢ ᠵᠣᠬᠢᠶᠠᠨ ᠪᠠᠶᠢᠭᠤᠯᠵᠤ᠂ ᠣᠶᠤᠨ ᠤ ᠰᠫᠣᠷᠲ ᠤᠨ ᠬᠥᠭᠵᠢᠯ ᠢ ᠶᠡᠬᠡᠬᠡᠨ ᠠᠬᠢᠭᠤᠯᠤᠭᠰᠠᠨ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号