︽ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠵᠤ᠂ ᠳᠤᠮᠳᠠᠳᠤ ᠶᠢᠨ ᠰᠣᠶᠣᠯ ᠢᠶᠠᠨ ᠤᠯᠠᠮᠵᠢᠯᠠᠶ᠎ᠠ︾ ᠪᠦᠬᠦ ᠬᠤᠰᠢᠭᠤᠨ ᠤ ᠤᠯᠠᠮᠵᠢᠯᠠᠯᠲᠤ ᠶᠠᠰᠤᠨ ᠤᠷᠠᠯᠠᠯ ᠤᠨ ᠰᠤᠷᠭᠠᠯᠳᠠ ᠡᠬᠢᠯᠡᠭᠰᠡᠨ
ᠨᠡᠶᠢᠲᠡᠯᠡᠭᠰᠡᠨ ᠴᠠᠭ᠄
2024/8/20
     ᠶᠠᠰᠤᠨ ᠤᠷᠠᠯᠠᠯ ᠤᠨ ᠴᠢᠳᠠᠪᠤᠷᠢᠳᠠᠨ ᠢ ᠬᠦᠮᠦᠵᠢᠬᠦᠯᠦᠨ᠂ ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠵᠤ᠂ ᠪᠣᠳᠠᠰ ᠤᠨ ᠪᠤᠰᠤ ᠰᠣᠶᠣᠯ ᠤᠨ ᠥᠪ ᠢᠶᠠᠨ ᠤᠯᠠᠮᠵᠢᠯᠠᠨ ᠬᠦᠭᠵᠢᠬᠦᠯᠬᠦ ᠶᠢᠨ ᠲᠦᠯᠦᠬᠡ ᠡᠷᠬᠢᠯᠡᠭᠰᠡᠨ ︽ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠵᠤ᠂ ᠳᠤᠮᠳᠠᠳᠤ ᠶᠢᠨ ᠰᠣᠶᠣᠯ ᠢᠶᠠᠨ ᠤᠯᠠᠮᠵᠢᠯᠠᠶ᠎ᠠ︾ ᠪᠦᠬᠦ ᠬᠤᠰᠢᠭᠤᠨ ᠤ ᠤᠯᠠᠮᠵᠢᠯᠠᠯᠲᠤ ᠶᠠᠰᠤᠨ ᠤᠷᠠᠯᠠᠯ ᠤᠨ ᠰᠤᠷᠭᠠᠯᠳᠠ ᠤᠶᠢᠷ᠎ᠠ ᠶᠢᠨ ᠡᠳᠦᠷ ᠬᠢᠴᠢᠶᠡᠯ ᠡᠬᠢᠯᠡᠵᠡᠢ᠃      ᠰᠤᠷᠭᠠᠯᠳᠠ ᠳᠤ᠂ ᠮᠠᠨ ᠤ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ᠂ ᠶᠠᠰᠤᠨ ᠰᠡᠶᠢᠯᠦᠮᠡᠯ ᠤᠨ ᠤᠷᠠᠯᠢᠭᠴᠢᠨ ᠮᠠᠨᠳᠤᠬᠤ ᠪᠠᠭᠰᠢ ᠶᠠᠰᠤᠨ ᠤᠷᠠᠯᠠᠯ ᠤᠨ ᠲᠡᠦᠬᠡ ᠰᠣᠶᠣᠯ᠂ ᠤᠷ᠎ᠠ ᠮᠡᠷᠭᠡᠵᠢᠯ  ᠤᠨ ᠣᠨᠴᠠᠯᠢᠭ᠂ ᠪᠣᠳᠠᠲᠠᠢ ᠤᠷ᠎ᠠ ᠮᠡᠷᠭᠡᠵᠢᠯ ᠵᠡᠷᠭᠡ ᠲᠠᠯ᠎ᠠ ᠪᠠᠷ ᠤᠨᠤᠯ ᠦᠢᠯᠡᠳᠦᠯᠭᠡ ᠶᠢ ᠤᠶᠠᠯᠳᠤᠭᠤᠯᠤᠨ᠂ ᠪᠠᠶᠠᠯᠢᠭ ᠠᠭᠤᠯᠭ᠎ᠠ ᠪᠠᠷ ᠬᠢᠴᠢᠶᠡᠯᠯᠡᠵᠡᠢ᠃      ᠰᠤᠷᠤᠭᠴᠢᠳ ᠠᠬᠤᠶ ᠲᠠᠯᠠᠪᠠᠶ ᠳᠤ ᠰᠣᠨᠣᠰᠬᠤ᠂ ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ᠂ ᠭᠠᠷ ᠬᠥᠳᠡᠯᠦᠨ ᠦᠶᠯᠡᠳᠦᠯᠭᠡᠵᠢᠭᠦᠯᠬᠦ ᠵᠡᠷᠭᠡ ᠬᠡᠯᠪᠡᠷᠢ ᠪᠠᠷ ᠶᠠᠰᠤᠨ ᠤᠷᠠᠯᠠᠯ ᠤᠨ ᠦᠨᠳᠦᠰᠦᠨ ᠣᠨᠣᠯ ᠤᠨ ᠮᠡᠳᠡᠯᠭᠡ ᠶᠢ ᠰᠢᠰᠲ᠋ᠧᠮ ᠲᠠᠢ ᠰᠤᠷᠤᠯᠴᠠᠵᠤ᠂ ᠶᠠᠰᠤᠨ ᠤᠷᠠᠯᠠᠯ ᠤᠨ ᠡᠭᠦᠰᠦᠯ ᠬᠦᠭᠵᠢᠯ ᠵᠢᠴᠢ ᠡᠯ᠎ᠡ ᠲᠡᠦᠬᠡᠨ ᠴᠠᠭ ᠦᠶ᠎ᠡ ᠶᠢᠨ ᠬᠡᠪ ᠨᠠᠮᠪᠠ ᠣᠨᠴᠠᠯᠢᠭ ᠢ ᠣᠶᠢᠯᠠᠭᠠᠪᠠ᠃ ᠡᠭᠦᠨ ᠤ ᠬᠠᠮᠲᠤ᠂ ᠪᠠᠭᠰᠢ ᠶᠢᠨ ᠵᠢᠭᠠᠨ ᠰᠤᠷᠭᠠᠯᠲᠠ ᠳᠣᠣᠷ᠎ᠠ᠂ ᠶᠠᠰᠤᠨ ᠤᠷᠠᠯᠠᠯ ᠤᠨ ᠦᠢᠯᠡᠳᠬᠦ ᠶᠠᠪᠤᠴᠠ ᠪᠠ ᠤᠷ᠎ᠠ ᠮᠡᠷᠭᠡᠵᠢᠯ ᠢ ᠤᠯᠠᠮ ᠨᠢᠭᠡ ᠠᠯᠬᠤᠮ ᠡᠵᠡᠮᠰᠢᠵᠦ᠂ ᠦᠪᠡᠷᠮᠢᠴᠡ ᠬᠡᠪ ᠨᠠᠮᠪᠠ ᠲᠠᠢ ᠶᠠᠰᠤᠨ ᠤᠷᠠᠯᠠᠯ ᠤᠨ ᠪᠦᠲᠦᠭᠡᠯ ᠢᠶᠠᠨ ᠰᠡᠶᠢᠯᠵᠦ ᠪᠦᠲᠦᠭᠡᠵᠡᠢ᠃      ᠶᠠᠰᠤᠨ ᠤᠷᠠᠯᠠᠯ ᠨᠢ ᠮᠠᠨ ᠤ ᠤᠯᠤᠰ ᠤᠨ ᠥᠨᠢ ᠤᠳᠠᠭᠠᠨ ᠲᠡᠦᠬᠡ ᠲᠠᠢ ᠠᠷᠠᠳ ᠤᠨ ᠤᠷᠠᠯᠢᠭ ᠪᠣᠯᠤᠭᠰᠠᠨ  ᠤ ᠬᠤᠪᠢ ᠳᠤ᠂ ᠡᠯᠪᠡᠭ ᠪᠠᠶᠠᠯᠢᠭ ᠰᠣᠶᠣᠯ ᠤᠨ ᠠᠭᠤᠯᠤᠭᠳᠠᠬᠤᠨ ᠲᠠᠢ ᠪᠠᠶᠢᠳᠠᠭ᠃ ᠮᠠᠨᠳᠤᠬᠤ ᠪᠠᠭᠰᠢ ᠠᠳᠤᠭᠤ᠂ ᠲᠡᠮᠡᠭᠡ᠂ ᠬᠤᠨᠢᠨ ᠤ ᠶᠠᠰᠤ᠂ ᠡᠪᠡᠷ ᠢᠶᠠᠷ ᠮᠠᠲ᠋ᠧᠷᠢᠶᠠᠯ ᠪᠣᠯᠭᠠᠵᠤ᠂ ᠰᠡᠶᠢᠯᠵᠦ ᠤᠷᠠᠯᠠᠭᠰᠠᠨ ᠪᠦᠲᠦᠭᠡᠯ ᠨᠢ ᠮᠤᠩᠭᠤᠯ ᠨᠤᠳᠤᠭ᠂ ᠮᠠᠯᠵᠢᠯ ᠰᠤᠶᠤᠯ᠂ ᠪᠠᠶᠠᠷ ᠨᠠᠭᠠᠳᠤᠮ ᠵᠡᠷᠭᠡ ᠪᠠᠶᠠᠯᠢᠭ ᠠᠭᠤᠯᠭ᠎ᠠ ᠶᠢ ᠬᠠᠮᠤᠷᠠᠭᠰᠠᠨ᠂ ᠠᠮᠢᠳᠤ ᠲᠦᠷᠰᠦᠯᠢᠭ ᠤᠷᠠᠯᠢᠭ ᠤᠨ ᠷᠢᠳᠢ ᠰᠢᠳᠢ ᠶᠢ ᠠᠭᠤᠯᠵᠤ ᠪᠠᠶᠢᠳᠠᠭ᠃ ᠮᠠᠲ᠋ᠧᠷᠢᠶᠠᠯ ᠰᠣᠩᠭᠤᠬᠤ᠂ ᠴᠡᠪᠡᠷᠯᠡᠵᠦ ᠠᠷᠢᠯᠭᠠᠬᠤ᠂ ᠵᠢᠷᠤᠭ ᠵᠢᠷᠤᠬᠤ᠂ ᠤᠷᠠᠯᠠᠵᠤ ᠰᠡᠶᠢᠯᠬᠦ ᠵᠡᠷᠭᠡ ᠠᠯᠬᠤᠮ ᠪᠦᠷᠢ ᠳᠤ ᠨᠠᠷᠢᠨ ᠨᠢᠮᠪᠠᠢ ᠠᠵᠢᠯᠯᠠᠨ᠂ ᠤᠷᠠᠨ ᠳᠠᠷᠬᠠᠨ ᠤ ᠤᠶᠢᠭ᠎ᠠ ᠦᠬᠡᠢ ᠴᠢᠷᠮᠠᠶᠢᠯᠭ᠎ᠠ ᠪᠠᠷ ᠤᠷᠠᠨ ᠰᠠᠨᠠᠭ᠎ᠠ ᠤᠶᠤᠨ ᠪᠤᠳᠤᠯ ᠢᠶᠠᠨ ᠳᠡᠬᠦᠰ ᠪᠦᠲᠦᠭᠡᠯ ᠳᠤ ᠪᠠᠨ ᠠᠭᠤᠰᠬᠠᠭᠰᠠᠨ ᠪᠠᠶᠢᠳᠠᠭ ᠪᠢᠯᠡ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠰᠤᠷᠭᠠᠯᠳᠠ ᠨᠢ7 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠰᠤᠷᠭᠠᠯᠳᠠ ᠳᠤ ᠤᠷᠤᠯᠴᠠᠭᠰᠠᠳ᠂ ᠰᠤᠷᠭᠠᠯᠳᠠ ᠪᠠᠷ ᠳᠡᠮᠵᠢᠨ᠂ ᠶᠠᠰᠤᠨ ᠤᠷᠠᠯᠠᠯ ᠤᠨ ᠳᠤᠬᠠᠢ ᠨᠠᠩ ᠭᠦᠨᠵᠡᠭᠡᠶ ᠣᠶᠢᠯᠠᠭᠠᠯᠲᠠ ᠲᠠᠢ ᠪᠣᠯᠵᠣ᠂ ᠡᠨᠡ ᠬᠦ ᠤᠯᠠᠮᠵᠢᠯᠠᠯᠲᠤ ᠤᠷ᠎ᠠ ᠮᠡᠷᠭᠡᠵᠢᠯ ᠢ ᠴᠢᠷᠮᠠᠶᠢᠨ ᠰᠤᠷᠴᠤ ᠤᠯᠠᠮᠵᠢᠯᠠᠨ ᠪᠠᠳᠠᠷᠠᠭᠤᠯᠬᠤ ᠪᠣᠯᠤᠨ᠎ᠠ ᠭᠡᠵᠦ ᠢᠯᠡᠷᠭᠡᠶᠢᠯᠡᠵᠡᠭᠡᠵᠡᠢ᠃      ᠲᠤᠰ ᠤᠳᠠᠭᠠᠨ ᠤ ᠰᠤᠷᠭᠠᠯᠳᠠ ᠶᠢ ᠠᠮᠵᠢᠯᠲᠠ ᠲᠠᠢ ᠡᠷᠬᠢᠯᠡᠭᠰᠡᠨ ᠶᠠᠪᠤᠳᠠᠯ ᠪᠣᠯ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠠᠶᠢᠵᠤ᠂ ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠪᠠᠰᠠ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠶᠢᠮᠦᠷᠬᠦᠦ ᠪᠣᠯᠪᠠᠰᠤᠷᠠᠯ ᠰᠤᠷᠭᠠᠯᠳᠠ ᠶᠢᠨ ᠠᠵᠢᠯᠯᠠᠭ᠎ᠠ ᠶᠢ ᠨᠠᠩ ᠣᠯᠠᠨ ᠡᠷᠭᠢᠯᠡᠵᠦ᠂ ᠤᠷ᠎ᠠ ᠮᠡᠷᠭᠡᠵᠢᠯ ᠤᠨ ᠬᠢᠷᠢ ᠲᠦᠪᠰᠢᠨ ᠦᠨᠳᠦᠷ ᠶᠠᠰᠤᠨ ᠤᠷᠠᠯᠠᠯ ᠤᠨ ᠤᠷᠠᠯᠢᠭ ᠤᠨ ᠵᠠᠯᠭᠠᠮᠵᠢᠯᠠᠭᠴᠢ ᠶᠢ ᠬᠥᠮᠦᠵᠢᠭᠦᠯᠵᠦ᠂ ᠪᠥᠬᠦ ᠬᠤᠰᠢᠭᠤᠨ ᠤ ᠰᠣᠶᠣᠯ ᠤᠨ ᠦᠶᠯᠡᠰ ᠤᠨ ᠬᠥᠭᠵᠢᠯᠲᠡ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠡᠷᠬᠦᠵᠦ᠂ ᠳᠤᠮᠳᠠᠳᠤ ᠶᠢᠨ ᠦᠨᠳᠦᠰᠦᠲᠡᠨ  ᠤ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ᠳᠤ ᠬᠦᠴᠦᠨ ᠴᠢᠳᠠᠯ ᠢᠶᠠᠨ ᠡᠷᠬᠦᠬᠦ ᠪᠤᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号