ᠠᠩᠬᠠᠳᠤᠭᠠᠷ ᠬᠤᠭᠤᠴᠠᠭᠠᠨ ᠤ ᠵᠢᠷᠭᠤᠭᠠᠨ ᠮᠤᠵᠢ ᠣᠷᠣᠨ ᠤ ᠵᠠᠯᠠᠭᠤᠴᠤᠳ ᠪᠠᠭᠠᠴᠤᠳ ᠤᠨ ᠮᠢᠭᠮᠡᠨ ᠰᠢᠳᠠᠷ᠎ᠠ ᠶᠢᠨ ᠤᠷᠢᠯᠭ᠎ᠠ ᠶᠢᠨ ᠤᠷᠤᠯᠳᠤᠭᠠᠨ ᠠᠮᠵᠢᠯᠳᠠ ᠲᠦᠭᠦᠷᠡᠩ ᠦᠨᠳᠦᠷᠯᠡᠭᠰᠡᠨ
ᠨᠡᠶᠢᠲᠡᠯᠡᠭᠰᠡᠨ ᠴᠠᠭ᠄
2024/8/20
     ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠭᠳᠠᠭᠰᠠᠨ ᠠᠩᠬᠠᠳᠤᠭᠠᠷ ᠬᠤᠭᠤᠴᠠᠭᠠᠨ ᠤ ︽ᠪᠡᠭᠡᠵᠢᠩ ᠲᠢᠶᠠᠨᠵᠢᠨ ᠾᠧᠪᠧᠶ ᠱᠠᠨ ᠰᠢ ᠱᠠᠨᠰᠢ ᠥᠪᠥᠷ ᠮᠣᠩᠭᠤᠯ︾ ᠵᠢᠷᠭᠤᠭᠠᠨ ᠮᠤᠵᠢ ᠣᠷᠣᠨ ᠤ ᠵᠠᠯᠠᠭᠤᠴᠤᠳ ᠪᠠᠭᠠᠴᠤᠳ  ᠤᠨ ᠮᠢᠭᠮᠡᠨ ᠰᠢᠳᠠᠷ᠎ᠠ ᠶᠢᠨ ᠤᠷᠢᠯᠭ᠎ᠠ ᠶᠢᠨ ᠤᠷᠤᠯᠳᠤᠭᠠᠨ ᠲᠦᠷᠦᠬᠦᠬᠡᠨ ᠠᠮᠵᠢᠯᠳᠠ ᠲᠦᠭᠦᠷᠡᠩ ᠦᠨᠳᠦᠷᠯᠡᠵᠦ᠂ 210 ᠰᠢᠳᠠᠷᠠᠴᠢᠳ ᠤᠶᠤᠨ ᠤᠬᠠᠭᠠᠨ ᠤᠷ᠎ᠠ ᠮᠡᠷᠭᠡᠵᠢᠯ ᠢᠶᠠᠨ ᠦᠷᠢᠰᠦᠯᠳᠦᠭᠰᠡᠨ ᠤ ᠡᠴᠦᠰ ᠲᠤ᠂ ᠪᠠᠭ᠎ᠠ ᠰᠤᠷᠭᠠᠭᠤᠯᠢ ᠶᠢᠨ ᠳᠤᠭᠤᠶᠢᠯᠠᠩ ᠳᠤ᠂ ᠤᠯᠠᠭᠠᠨᠬᠠᠳᠠ ᠶᠢᠨ ᠮᠢᠭᠮᠡᠨ ᠰᠢᠳᠠᠷ᠎ᠠ ᠶᠢᠨ ᠨᠡᠶᠢᠭᠡᠮᠯᠢᠭ ᠤᠨ ᠭᠧᠩ ᠪᠥᠸᠧ ᠲᠤᠤ ᠲᠠᠷᠢᠬᠦᠯᠡᠨ᠂ ᠬᠥᠬᠡᠬᠤᠲᠠ ᠶᠢᠨ ᠮᠢᠭᠮᠡᠨ ᠰᠢᠳᠠᠷ᠎ᠠ ᠶᠢᠨ ᠨᠡᠶᠢᠭᠡᠮᠯᠢᠭ ᠤᠨ ᠨᠢᠭᠡᠳᠦᠭᠡᠷ ᠪᠠᠭ ᠤᠨ ᠯᠢ ᠮᠢᠩ ᠽᠦᠩ ᠳᠡᠳ᠋ᠯᠡᠨ᠂ ᠣᠷᠳᠣᠰ ᠤᠨ ᠯᠢᠦ ᠢᠦᠢ ᠵᠦᠸᠧ ᠭᠤᠷᠪᠠᠳᠤᠭᠠᠷ ᠲᠤ ᠳᠤᠳᠤᠷᠠᠨ᠂ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠳᠤ᠂ ᠰᠢᠯᠢ ᠶᠢᠨ ᠭᠤᠣᠯ ᠠᠶᠢᠮᠠᠭ ᠤᠨ ᠲᠥᠯᠥᠭᠡᠯᠡᠭᠴᠢᠳ ᠤᠨ ᠪᠠᠭ ᠤᠨ ᠯᠢ ᠰᠢᠨ ᠲᠡᠷᠢᠬᠦᠯᠡᠨ᠂ ᠪᠠᠶᠠᠨᠨᠠᠭᠤᠷ ᠬᠤᠳᠠ ᠶᠢᠨ ᠲᠥᠯᠥᠭᠡᠯᠡᠭᠴᠢᠳ ᠤᠨ ᠪᠠᠭ ᠤᠨ ᠭᠤᠤ ᠸᠧᠢ ᠴᠦ᠋ ᠳᠡᠳ᠋ᠯᠡᠨ᠂ ᠬᠥᠬᠡᠬᠤᠲᠠ ᠶᠢᠨ ᠮᠢᠭᠮᠡᠨ ᠰᠢᠳᠠᠷ᠎ᠠ ᠶᠢᠨ ᠨᠡᠶᠢᠭᠡᠮᠯᠢᠭ ᠤᠨ ᠨᠢᠭᠡᠳᠦᠭᠡᠷ ᠪᠠᠭ ᠤᠨ ᠶᠠᠩ ᠲᠢᠶᠠᠨ ᠶᠢ ᠭᠤᠷᠪᠠᠳᠤᠭᠠᠷ ᠲᠤ ᠳᠤᠳᠤᠷᠠᠵᠠᠢ᠃      ᠬᠠᠮᠳᠤ ᠨᠡᠶᠢᠳᠡ ᠶᠢᠨ ᠤᠷᠤᠯᠳᠤᠭᠠᠨ ᠳᠤ᠂ ᠬᠥᠬᠡᠬᠤᠲᠠ ᠶᠢᠨ ᠮᠢᠭᠮᠡᠨ ᠰᠢᠳᠠᠷ᠎ᠠ ᠶᠢᠨ ᠨᠡᠶᠢᠭᠡᠮᠯᠢᠭ ᠤᠨ ᠨᠢᠭᠡᠳᠦᠭᠡᠷ ᠪᠠᠭ ᠲᠡᠷᠢᠭᠦᠯᠡᠵᠦ᠂ ᠮᠠᠨ ᠤ ᠬᠤᠰᠢᠭᠤᠨ ᠤ ᠮᠢᠭᠮᠡᠨ ᠰᠢᠳᠠᠷ᠎ᠠ ᠶᠢᠨ ᠨᠡᠶᠢᠭᠡᠮᠯᠢᠭ ᠤᠨ ᠬᠢᠨ ᠳᠡᠳ᠋ᠯᠡᠨ᠂ ᠪᠡᠭᠡᠵᠢᠩ ᠤᠨ ᠵᠢᠩ ᠪᠧᠢ ᠰᠢᠲᠠᠷ᠎ᠠ ᠶᠢᠨ ᠨᠡᠶᠢᠭᠡᠮᠯᠢᠭ ᠭᠤᠷᠪᠠᠳᠤᠭᠠᠷ ᠲᠤ ᠳᠤᠳᠤᠷᠠᠵᠠᠢ᠃      ᠠᠵᠢᠯᠯᠠᠭ᠎ᠠ ᠳᠤ ᠪᠠᠰᠠ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠪᠠ ᠶᠣᠰᠣ ᠰᠤᠷᠲᠠᠬᠤᠨ ᠤ ᠬᠡᠪ ᠰᠤᠷᠲᠠᠯ ᠤᠨ ᠱᠠᠩᠨᠠᠯ ᠣᠯᠭᠤᠪᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号