ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠬᠦᠯᠵᠦ ᠠᠵᠤ ᠠᠬᠤᠶᠢᠯᠠᠯ ᠤᠨ ᠲᠦᠷᠭᠡᠨ ᠬᠥᠭᠵᠢᠯᠲᠡ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/8/20
     ᠮᠠᠨ ᠤ ᠬᠤᠰᠢᠭᠤ ᠳᠡᠭᠡᠳᠦ ᠱᠠᠲᠤᠨ ᠤ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ  ᠪᠠᠷ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠦᠶᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠠᠵᠤ ᠠᠬᠤᠶᠢᠯᠠᠯ ᠡᠷᠭᠢᠯᠡᠨ ᠪᠠᠶᠢᠭᠤᠯᠬᠤ ᠲᠤᠰᠬᠠᠶ ᠲᠣᠭᠤᠷᠢᠭ ᠪᠠᠶᠢᠭᠤᠯᠵᠤ᠂ ᠠᠵᠤ ᠠᠬᠤᠶᠢᠯᠠᠯ ᠳᠤ ᠨᠢᠭᠡ ᠥᠷᠲᠡᠭᠡ ᠮᠠᠶ᠋ᠢᠭ ᠤᠨ ᠬᠡᠯᠬᠢᠶᠡᠵᠢᠭᠰᠡᠨ ᠴᠢᠨᠠᠷ ᠰᠠᠶᠢᠲᠠᠶ ᠦᠶᠯᠡᠴᠢᠯᠡᠭᠡ ᠬᠠᠩᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠦᠨ᠂ ᠠᠵᠤ ᠠᠬᠤᠶᠢᠯᠠᠯ ᠡᠷᠭᠢᠯᠡᠨ ᠪᠠᠶᠢᠭᠤᠯᠬᠤ ᠦᠷ᠎ᠡ ᠪᠦᠲᠦᠮᠵᠢ ᠶᠢ ᠳᠡᠭᠡᠭᠰᠢᠯᠡᠬᠦᠯᠵᠦ ᠪᠠᠶᠢᠨ᠎ᠠ᠃      ᠬᠤᠰᠢᠭᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ ᠤᠨ ᠠᠵᠤ ᠠᠬᠤᠶᠢᠯᠠᠯ ᠡᠷᠭᠢᠯᠡᠬᠦ ᠲᠤᠰᠬᠠᠶ ᠲᠣᠭᠤᠷᠢᠭ ᠤᠨ ᠴᠣᠩᠬᠤᠪᠴᠢ ᠳᠤ᠂ ᠹᠧᠩ ᠠᠪᠠᠭ᠋ᠠᠶ ᠶᠠᠭ ᠠᠵᠤ ᠠᠬᠤᠶᠢᠯᠠᠯ ᠤᠨ ᠳᠡᠩᠰᠡᠯᠡᠯᠲᠡ ᠬᠢᠯᠭᠡᠬᠦ ᠪᠠᠷ ᠭᠤᠶᠤᠴᠢᠯᠠᠵᠤ ᠪᠠᠶᠢᠯ᠎ᠠ᠃ ᠠᠵᠢᠯᠲᠠᠨ ᠤ ᠬᠦᠯᠢᠴᠡᠩᠭᠦᠶ ᠨᠠᠷᠢᠨ ᠨᠢᠮᠪᠠᠶ ᠵᠢᠯᠣᠭᠤᠳᠣᠯᠭ᠎ᠠ ᠳᠣᠤᠷ᠎ᠠ ᠹᠧᠩ ᠠᠪᠠᠭ᠋ᠠᠶ ᠲᠡᠷᠡ ᠳᠠᠷᠤᠶᠢᠬᠠᠨ ᠳᠠᠩᠰᠠᠯᠠᠯᠳᠠ ᠪᠠᠨ ᠬᠦᠢᠴᠡᠳᠬᠡᠬᠦᠯᠵᠦ ᠳᠠᠭᠤᠰᠤᠭᠠᠳ ᠰᠡᠳᠬᠢᠯ ᠬᠠᠨᠤᠮᠵᠢᠳᠠᠢ ᠪᠠᠶᠢᠯ᠎ᠠ᠃      ᠣᠯᠠᠨ ᠲᠦᠮᠡᠨ ᠤ ᠠᠵᠢᠯ ᠶᠠᠪᠤᠳᠠᠯ ᠭᠦᠶᠴᠡᠳᠬᠡᠬᠦ ᠳᠤ ᠲᠥᠬᠦᠮ ᠲᠦᠷᠭᠡᠨ ᠪᠤᠯᠤᠭᠰᠠᠨ ᠨᠢ ᠮᠠᠨ ᠤ ᠬᠤᠰᠢᠭᠤᠨ ᠤ ︽ᠲᠠᠯᠪᠢᠬᠤ᠂ ᠬᠠᠮᠢᠶᠠᠷᠬᠤ᠂ ᠦᠶᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠭᠰᠡᠨ ᠤ ᠦᠷ᠎ᠡ ᠪᠦᠲᠦᠭᠡᠯ ᠶᠤᠮ᠃ ᠣᠷᠴᠢᠮ ᠤᠨ ᠵᠢᠯ᠂ ᠮᠠᠨ ᠤ ᠬᠤᠰᠢᠭᠤ ᠠᠷᠠᠳ ᠲᠤ ᠲᠥᠬᠦᠮ ᠦᠵᠡᠬᠦᠯᠦᠨ ᠠᠵᠤ ᠠᠬᠤᠶᠢᠯᠠᠯ ᠳᠤ ᠠᠰᠢᠭᠳᠠᠢ ᠪᠠᠶᠢᠬᠤ ᠦᠶᠯᠡᠴᠢᠯᠡᠭᠡᠨ ᠤ ᠠᠷᠭ᠎ᠠ ᠬᠡᠮᠵᠢᠶᠡᠨ ᠤ ᠰᠢᠨ᠎ᠡ ᠶᠢ ᠲᠠᠰᠤᠷᠠᠯᠲᠠ ᠡᠭᠦᠳᠴᠦ᠂ ᠪᠡᠯᠡ ᠣᠷᠣᠭᠤᠯᠤᠯᠲᠠ ᠶᠢᠨ ᠣᠷᠴᠢᠨ ᠨᠥᠬᠦᠴᠡᠯ ᠢ ᠰᠢᠯᠢᠳᠡᠭᠵᠢᠬᠦᠯᠦᠨ᠂ ᠠᠵᠤ ᠠᠬᠤᠶᠢᠯᠠᠯ ᠡᠷᠭᠢᠯᠡᠬᠦ ᠳᠤ ︽ᠨᠢᠭᠡ ᠴᠣᠩᠬᠤᠪᠴᠢ ᠪᠠᠷ ᠨᠡᠶᠢᠳᠡᠮ ᠭᠦᠶᠴᠡᠳᠬᠡᠬᠦ︾ ᠠᠵᠢᠯ ᠢ ᠢᠳᠡᠪᠬᠢᠲᠡᠶ ᠠᠬᠢᠭᠤᠯᠤᠨ᠂ ᠡᠵᠡᠩᠨᠡᠯᠲᠡ ᠶᠢᠨ ᠦᠨᠡᠮᠯᠡᠯ ᠢ ᠳᠠᠩᠰᠠᠯᠠᠨ ᠲᠡᠮᠳᠡᠭᠯᠡᠬᠦ᠂ ᠠᠯᠪᠠᠨ ᠲᠠᠮᠠᠭ᠎ᠠ ᠰᠡᠶᠢᠯᠬᠦ᠂ ᠪᠠᠷᠢᠮᠲᠠ ᠭᠤᠶᠤᠴᠢᠯᠠᠬᠤ᠂ ᠠᠵᠢᠯᠲᠠᠨ ᠤ ᠨᠡᠶᠢᠭᠡᠮ ᠤᠨ ᠳᠠᠭᠠᠳᠬᠠᠯ ᠤᠨ ᠳᠠᠩᠰᠠᠯᠠᠯ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠨ ᠬᠠᠳᠠᠭᠠᠯᠠᠭᠤᠯᠬᠤ ᠳᠠᠩᠰᠠᠯᠠᠯ᠂ ᠪᠠᠩᠬᠢ ᠳᠤ ᠲᠠᠩᠰᠠ ᠪᠠᠶᠢᠭᠤᠯᠤᠭᠰᠠᠨ ᠠᠵᠤ ᠠᠬᠤᠶᠢᠯᠠᠯ ᠡᠷᠭᠢᠯᠡᠬᠦ ᠵᠡᠷᠭᠡ ᠪᠦᠬᠦ ᠦᠢᠯᠡᠴᠢᠯᠡᠭᠡ ᠶᠢ ᠲᠤᠰᠬᠠᠶ ᠲᠣᠭᠤᠷᠢᠭ ᠲᠤ ᠤᠷᠤᠭᠤᠯᠤᠨ᠂ ᠠᠵᠤ ᠠᠬᠤᠶᠢᠯᠠᠯ ᠡᠷᠬᠢᠯᠡᠬᠦ ᠳᠤ ︽ᠨᠢᠭᠡ ᠥᠷᠲᠡᠭᠡ ᠮᠠᠶ᠋ᠢᠭ ᠢᠶᠠᠷ ᠦᠢᠯᠡᠴᠢᠯᠡᠨ᠂ ᠨᠢᠬᠡᠯᠡ ᠡᠳᠦᠷ ᠲᠤ ᠬᠦᠢᠴᠡᠳᠭᠡᠵᠦ ᠳᠠᠭᠤᠰᠬᠠᠬᠤ᠂ ᠨᠢᠭᠡᠯᠡ ᠤᠳᠠᠭ᠎ᠠ ᠳᠤ ᠪᠦᠲᠦᠭᠡᠬᠦ︾ ᠶᠢ ᠪᠡᠶᠡᠯᠡᠬᠦᠯᠵᠦ᠂ ᠠᠵᠤ ᠠᠬᠤᠶᠢᠯᠠᠯᠳᠠᠳ ᠤᠨ ᠨᠠᠰᠢ ᠴᠠᠰᠢ ᠤᠯᠠᠨ ᠬᠦᠶᠦᠬᠦ ᠶᠠᠷᠰᠢᠭ ᠲᠦᠪᠡᠭ ᠢ ᠪᠦᠲᠦᠮᠵᠢᠳᠡᠢ ᠰᠢᠢᠳᠪᠦᠷᠢᠯᠡᠵᠡᠢ᠃      ᠡᠭᠦᠨ ᠠᠴᠠ ᠭᠠᠳᠠᠨ᠎ᠠ᠂ ᠠᠵᠤ ᠠᠬᠤᠶᠢᠯᠠᠯ ᠡᠷᠭᠢᠯᠡᠨ ᠪᠠᠶᠢᠭᠤᠯᠬᠤ ᠲᠤᠰᠬᠠᠶ ᠲᠣᠭᠤᠷᠢᠭ ᠲᠤ ᠲᠤᠰᠬᠠᠶ ᠦᠶᠯᠡᠴᠢᠯᠡᠭᠡᠨ ᠤ ᠪᠦᠯᠬᠦᠮ ᠳᠣᠭᠢᠷᠠᠭᠤᠯᠵᠤ᠂ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ᠂ ᠮᠠᠲ᠋ᠧᠷᠢᠶᠠᠯ ᠪᠡᠯᠡᠳᠬᠡᠬᠦ᠂ ᠰᠦᠯᠵᠢᠶᠡᠨ ᠳᠡᠭᠡᠷ᠎ᠡ ᠲᠠᠭᠯᠠᠨ ᠮᠡᠳᠡᠭᠦᠯᠬᠦ ᠠᠴᠠ ᠦᠨᠡᠮᠯᠡᠯ ᠠᠪᠬᠤ ᠬᠦᠷᠲᠡᠯᠡᠬᠢ ᠪᠦᠬᠦᠶᠢᠯᠡ ᠬᠡᠯᠬᠢᠶᠡᠨ ᠳᠤ ᠬᠠᠪᠰᠤᠷᠤᠨ ᠭᠦᠶᠴᠡᠳᠬᠡᠵᠦ ᠣᠷᠣᠯᠠᠨ ᠭᠦᠶᠴᠡᠳᠬᠡᠬᠦ ᠦᠶᠯᠡᠴᠢᠯᠡᠭᠡ ᠬᠠᠩᠭᠠᠵᠤ᠂ ᠠᠵᠤ ᠠᠬᠤᠶᠢᠯᠠᠯ ᠡᠷᠭᠢᠯᠡᠨ ᠪᠠᠶᠢᠭᠤᠯᠬᠤ ᠶᠠᠪᠤᠴᠠ ᠳᠠᠬᠢ ᠬᠦᠢᠴᠷ ᠲᠦᠪᠡᠭ ᠲᠠᠢ ᠠᠰᠠᠭᠤᠳᠠᠯ ᠳᠤ ᠴᠢᠭᠯᠡᠭᠦᠯᠦᠨ᠂ ᠲᠤᠰᠬᠠᠶ ᠲᠣᠭᠤᠷᠢᠭ ᠤᠨ ᠠᠵᠢᠯᠲᠠᠨ ᠰᠠᠨᠠᠭᠠᠴᠢᠯᠠᠭ᠎ᠠ ᠠᠴᠠ ᠪᠠᠨ ᠲᠦᠷᠦᠭᠦᠯᠡᠨ ᠦᠶᠯᠡᠴᠢᠯᠡᠵᠦ᠂ ᠠᠵᠤ ᠠᠬᠤᠶᠢᠯᠠᠯ ᠢ ᠬᠠᠪᠰᠤᠷᠤᠨ ᠪᠣᠳᠠᠲᠠᠶ ᠠᠰᠠᠭᠤᠳᠠᠯ ᠢ ᠨᠢ ᠰᠢᠶᠳᠪᠦᠷᠢᠯᠡᠨ ᠥᠭᠴᠦ᠂ ᠠᠵᠤ ᠠᠬᠤᠶᠢᠯᠠᠯ ᠡᠷᠭᠢᠯᠡᠨ ᠳᠤᠬᠠᠶᠢᠯᠠᠭᠰᠠᠨ ᠠᠵᠢᠯ ᠭᠦᠶᠴᠡᠳᠬᠡᠬᠦ ᠳᠤ ᠲᠤᠶᠢᠯ ᠤᠨ ᠶᠡᠭᠡ ᠲᠥᠬᠦᠮ ᠦᠵᠡᠬᠦᠯᠵᠡᠢ᠃ ᠣᠶᠢᠯᠠᠭᠠᠭᠰᠠᠨ ᠢᠶᠠᠷ᠂ 2021 ᠣᠨ ᠤ 4 ᠰᠠᠷ᠎ᠠ ᠳᠤ ᠠᠵᠤ ᠠᠬᠤᠶᠢᠯᠠᠯ ᠡᠷᠭᠢᠯᠡᠬᠦ ᠲᠤᠰᠬᠠᠶ ᠳᠤᠭᠤᠷᠢᠭ ᠪᠠᠶᠢᠭᠤᠯᠤᠭᠳᠠᠭᠰᠠᠨ ᠠᠴᠠ ᠨᠠᠰᠢ᠂ ᠰᠢᠨ᠎ᠡ ᠪᠠᠷ ᠡᠷᠭᠢᠯᠡᠭᠰᠡᠨ ᠠᠵᠤ ᠠᠬᠤᠶᠢᠯᠠᠯ ᠨᠡᠶᠢᠲᠡ 336 ᠶᠢ ᠭᠥᠯᠢᠶᠡᠨ ᠠᠪᠴᠤ ᠰᠢᠶᠳᠪᠦᠷᠢᠯᠡᠪᠡ᠃      ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠲᠤᠰᠬᠠᠶ ᠲᠣᠭᠤᠷᠢᠭ ᠤᠨ ᠴᠢᠳᠠᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠦᠶᠯᠡᠴᠢᠯᠡᠭᠡᠨ ᠤ ᠴᠤᠪᠤᠷᠠᠯ ᠢ ᠰᠢᠯᠢᠳᠡᠭᠵᠢᠭᠦᠯᠦᠨ᠂ ᠦᠶᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠠᠨᠠᠭᠠᠴᠢᠯᠠᠭᠠᠲᠤ ᠴᠢᠨᠠᠷ᠂ ᠣᠨᠣᠪᠴᠢᠲᠤ ᠴᠢᠨᠠᠷ ᠪᠠ ᠳᠥᠭᠦᠮ ᠳᠥᠲᠡ ᠴᠢᠨᠠᠷ ᠢ ᠦᠨᠡᠨ ᠬᠦ ᠴᠢᠩᠭᠠᠳᠬᠠᠨ᠂ ᠠᠵᠤ ᠠᠬᠤᠶᠢᠯᠠᠯ ᠤᠨ ᠥᠷᠨᠢᠨ ᠬᠥᠭᠵᠢᠬᠦ ᠳᠤ ᠬᠦᠴᠦᠨ ᠨᠡᠮᠡᠷᠢᠯᠡᠵᠦ᠂ ᠪᠥᠬᠦ ᠬᠤᠰᠢᠭᠤᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠬᠦᠴᠦᠲᠡᠶ ᠪᠠᠲᠤᠯᠠᠭ᠎ᠠ ᠬᠠᠩᠭᠠᠬᠤ ᠪᠤᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号