ᠬᠤᠰᠢᠭᠤ ᠤᠯᠠᠭᠠᠨᠮᠥ᠋ᠴᠢᠷ ᠤᠨ ᠪᠣᠯᠪᠠᠰᠤᠷᠠᠯ ᠬᠦᠮᠦᠵᠢᠯ ᠤᠨ ᠰᠠᠭᠤᠷᠢᠨ ᠭᠠᠵᠠᠷ ᠤᠨ ᠬᠤᠶᠠᠳᠤᠭᠠᠷ ᠬᠤᠭᠤᠴᠠᠭᠠᠨ ᠤ ᠭᠤᠤᠯ ᠴᠣᠭᠴᠠ ᠶᠢᠨ ᠪᠣᠯᠪᠠᠰᠤᠷᠠᠯ ᠤᠨ ᠠᠩᠭᠢ ᠬᠢᠴᠢᠶᠡᠯ ᠡᠬᠢᠯᠡᠭᠰᠡᠨ
ᠨᠡᠶᠢᠲᠡᠯᠡᠭᠰᠡᠨ ᠴᠠᠭ᠄
2024/8/22
     ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠠᠴᠠ ᠬᠠᠮᠲᠤᠷᠠᠨ ᠡᠷᠬᠢᠯᠡᠭᠰᠡᠨ ᠤᠯᠠᠭᠠᠨᠮᠥ᠋ᠴᠢᠷ ᠤᠨ ᠪᠣᠯᠪᠠᠰᠤᠷᠠᠯ ᠬᠦᠮᠦᠵᠢᠯ ᠤᠨ ᠰᠠᠭᠤᠷᠢᠨ ᠭᠠᠵᠠᠷ  ᠤᠨ ᠬᠤᠶᠠᠳᠤᠭᠠᠷ ᠬᠤᠭᠤᠴᠠᠭᠠᠨ ᠤ ᠭᠤᠤᠯ ᠴᠣᠭᠴᠠ ᠶᠢᠨ ᠪᠣᠯᠪᠠᠰᠤᠷᠠᠯ ᠤᠨ ᠠᠩᠭᠢ 8 ᠰᠠᠷ᠎ᠠ ᠶᠢᠨ 20 ᠤ ᠡᠳᠦᠷ ᠬᠢᠴᠢᠶᠡᠯ ᠡᠬᠢᠯᠡᠵᠡᠢ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠼᠦᠩ ᠮᠧᠶ ᠪᠤᠯᠪᠠᠰᠤᠷᠠᠯ ᠤᠨ ᠬᠤᠷᠠᠯ ᠳᠤ ᠤᠷᠤᠯᠴᠠᠬᠤ ᠶᠢᠨ ᠬᠠᠮᠲᠦ ᠶᠠᠷᠢᠶ᠎ᠠ ᠬᠢᠪᠡ᠃      ᠪᠤᠯᠪᠠᠰᠤᠷᠠᠯ ᠳᠤ᠂ ᠳᠤᠮᠳᠠᠳᠤ ᠤᠯᠤᠰ ᠤᠨ ᠬᠡᠷᠡᠯ ᠵᠢᠷᠤᠭᠴᠢᠳ ᠤᠨ ᠨᠡᠶᠢᠭᠡᠮᠯᠢᠭ ᠤᠨ ᠭᠡᠰᠢᠭᠦᠨ᠂ ᠤᠷᠠᠯᠢᠭ  ᠤᠨ ᠬᠡᠷᠡᠯ ᠵᠢᠷᠤᠭ ᠤᠨ ᠨᠡᠶᠢᠭᠡᠮᠯᠢᠭ ᠤᠨ ᠬᠡᠷᠡᠭ ᠡᠷᠬᠢᠯᠡᠭᠴᠢ᠂ ᠮᠥᠩᠭᠦᠨ ᠭᠦᠶᠯᠭᠡᠭᠡᠨ ᠤ ᠬᠡᠷᠡᠯ ᠵᠢᠷᠤᠭᠴᠢᠳ ᠤᠨ ᠨᠡᠶᠢᠭᠡᠮᠯᠢᠭ ᠤᠨ ᠬᠡᠷᠡᠭ ᠡᠷᠬᠢᠯᠡᠭᠴᠢ᠂ ᠲᠠᠷᠢᠶᠠᠯᠠᠩ ᠤᠨ ᠪᠠᠩᠬᠢ ᠶᠢᠨ ᠬᠡᠷᠡᠯ ᠵᠢᠷᠤᠭᠴᠢᠳ ᠤᠨ ᠨᠡᠶᠢᠭᠡᠮᠯᠢᠭ ᠤᠨ ᠳᠡᠳ᠋ ᠲᠡᠷᠢᠭᠦᠯᠡᠭᠴᠢ᠂ ᠤᠷᠠᠯᠢᠭ ᠤᠨ ᠵᠥᠪᠯᠡᠭᠴᠢ᠂ ᠳᠤᠮᠳᠠᠳᠤ ᠤᠯᠤᠰ ᠤᠨ ᠥᠪᠥᠷ ᠮᠣᠩᠭᠤᠯ ᠤᠨ ᠭᠡᠷᠡᠯ ᠵᠢᠷᠤᠭᠴᠢᠳ ᠤᠨ ᠨᠡᠶᠢᠭᠡᠮᠯᠢᠭ ᠤᠨ ᠳᠤᠯᠤᠭ᠎ᠠ᠂ ᠨᠠᠢᠮᠠᠳᠤᠭᠠᠷ ᠬᠤᠭᠤᠴᠠᠭᠠᠨ ᠤ ᠳᠡᠳ᠋ ᠲᠡᠷᠢᠭᠦᠯᠡᠭᠴᠢ᠂ ᠶᠢᠰᠦᠳᠦᠭᠡᠷ ᠬᠤᠭᠤᠴᠠᠭᠠᠨ ᠤ ᠨᠡᠷ᠎ᠡ ᠬᠦᠨᠳᠦᠲᠦ ᠳᠡᠳ᠋ ᠲᠡᠷᠢᠭᠦᠯᠡᠭᠴᠢ᠂ ᠰᠢᠯᠢ ᠶᠢᠨ ᠭᠤᠤᠯ ᠠᠶᠢᠮᠠᠭ ᠤᠨ ᠬᠡᠷᠡᠯ ᠵᠢᠷᠤᠭᠴᠢᠳ ᠤᠨ ᠨᠡᠶᠢᠭᠡᠮᠯᠢᠭ ᠤᠨ ᠲᠡᠷᠢᠭᠦᠯᠡᠭᠴᠢ᠂ ᠰᠢᠯᠢ ᠶᠢᠨ ᠭᠤᠤᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠵᠤᠴᠢᠨ ᠫᠷᠤᠹᠧᠰᠰᠤᠷ ᠾᠧ ᠫᠢᠩ ᠪᠠᠭᠰᠢ ᠶᠢ ᠤᠨᠴᠠᠯᠠᠨ ᠤᠷᠢᠵᠤ᠂ ︽ᠬᠡᠷᠡᠯ ᠵᠢᠷᠤᠭ ᠤᠨ ᠬᠡᠷᠡᠭᠯᠡᠯᠲᠡ ᠪᠠ ᠦᠶᠯᠡᠳᠬᠦ ᠤᠷ᠎ᠠ ᠮᠡᠷᠭᠡᠵᠢᠯ︾ ᠤᠨ ᠳᠠᠯ᠎ᠠ ᠪᠠᠷ ᠲᠤᠰᠬᠠᠶ ᠰᠡᠳᠦᠪᠲᠦ ᠬᠠᠪᠰᠤᠷᠤᠨ ᠵᠢᠯᠣᠭᠤᠳᠣᠯᠭ᠎ᠠ ᠬᠢᠯᠬᠡᠵᠡᠢ᠃ ᠪᠠᠭᠰᠢ ᠠᠴᠠ ᠬᠡᠷᠡᠯ ᠵᠢᠷᠤᠭ ᠤᠨ ᠰᠠᠭᠤᠷᠢ ᠮᠡᠳᠡᠯᠭᠡ᠂ ᠵᠢᠷᠤᠭ ᠤᠨ ᠪᠦᠲᠦᠴᠡ ᠤᠷ᠎ᠠ ᠮᠡᠷᠭᠡᠵᠢᠯ᠂ ᠬᠡᠷᠡᠯ ᠰᠡᠭᠦᠳᠡᠷ ᠤᠨ ᠵᠤᠬᠢᠴᠠᠭᠤᠯᠤᠨ ᠬᠡᠷᠡᠭᠯᠡᠯᠲᠡ᠂ ᠰᠡᠭᠦᠯᠴᠢ ᠶᠢᠨ ᠬᠤᠭᠤᠴᠠᠭᠠᠨ ᠤ ᠦᠶᠯᠡᠳᠬᠦ ᠵᠡᠷᠭᠡ ᠲᠠᠯ᠎ᠠ ᠪᠠᠷ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠤᠮᠵᠢ ᠬᠢᠵᠦ᠂ ᠪᠤᠯᠪᠠᠰᠤᠷᠠᠯ ᠳᠤ ᠤᠷᠤᠯᠴᠠᠭᠰᠠᠳ ᠨᠠᠷᠢᠨ ᠬᠢᠨᠠᠮᠠᠭᠠᠶ ᠰᠣᠨᠣᠰᠴᠤ ᠳᠡᠮᠳᠡᠭᠯᠡᠯ ᠬᠢᠨ᠂ ᠰᠤᠷᠤᠯᠴᠠᠯᠭ᠎ᠠ ᠶᠢᠨ ᠠᠭᠤᠷ ᠠᠮᠢᠰᠬᠤᠯ ᠭᠦᠨ ᠵᠤᠵᠠᠭᠠᠨ ᠪᠠᠶᠢᠯ᠎ᠠ᠃      ᠤᠨᠤᠯ ᠤᠨ ᠬᠢᠴᠢᠶᠡᠯ ᠤᠨ ᠳᠠᠷᠠᠭ᠎ᠠ ᠤᠯᠠᠨ ᠢᠶᠠᠷ ᠢᠶᠠᠨ᠂ ᠬᠦᠳᠡᠭᠡ ᠪᠠᠭᠤᠵᠤ ᠳᠠᠯ᠎ᠠ ᠨᠤᠳᠤᠭ ᠤᠨ ᠭᠤᠶᠤᠮᠰᠤᠭ ᠦᠵᠡᠮᠵᠢ᠂ ᠮᠤᠩᠭᠤᠯ ᠢᠳᠡᠭᠡᠨ ᠤ ᠳᠡᠭᠡᠵᠢ ᠶᠢ ᠳᠤᠷᠠᠨ ᠬᠠᠷᠠᠭ᠎ᠠ ᠪᠠᠷ ᠢᠶᠠᠨ ᠵᠢᠷᠤᠭᠯᠠᠨ᠂ ᠳᠤᠬᠠᠢ ᠶᠢᠨ ᠳᠠᠯᠠᠪᠠᠢ ᠳᠤ ᠪᠠᠭᠰᠢ ᠪᠠᠷ ᠵᠢᠯᠤᠭᠤᠳᠤᠭᠤᠯᠤᠨ᠂ ᠰᠤᠷᠤᠭᠰᠠᠨ ᠮᠡᠳᠡᠯᠭᠡ ᠪᠠᠨ ᠪᠤᠳᠠᠳᠠᠢ ᠳᠤ ᠭᠡᠷᠡᠭᠯᠡᠨ᠂ ᠦᠪᠡᠷᠮᠢᠴᠡ ᠬᠡᠪ ᠨᠠᠮᠪᠠ ᠲᠠᠢ ᠭᠡᠷᠡᠯ ᠵᠢᠷᠤᠭ ᠤᠨ ᠪᠦᠲᠦᠭᠡᠯ ᠢᠶᠠᠨ ᠵᠣᠬᠢᠶᠠᠨ ᠪᠦᠲᠦᠭᠡᠵᠦ᠂ ᠥᠪᠡᠷᠮᠢᠴᠡ ᠤᠷᠠᠨ ᠰᠠᠨᠠᠭ᠎ᠠ ᠪᠥᠬᠦᠶ ᠪᠦᠲᠦᠭᠡᠯ ᠢᠶᠠᠷ ᠢᠶᠠᠨ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠬᠠᠷᠠᠭᠤᠯᠵᠤ᠂ ᠬᠠᠷᠢᠯᠴᠠᠨ ᠰᠤᠷᠤᠯᠴᠠᠵᠤ ᠬᠠᠮᠳᠤ  ᠪᠠᠷ ᠳᠡᠭᠡᠭᠰᠢᠯᠡᠭᠰᠡᠨ ᠬᠦᠭᠵᠢᠶᠡᠨᠳᠦ ᠠᠭᠤᠷ ᠠᠮᠢᠰᠬᠤᠯ ᠲᠦᠭᠦᠷᠡᠩ ᠪᠠᠶᠢᠯ᠎ᠠ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠪᠤᠯᠪᠠᠰᠤᠷᠠᠯ ᠤᠨ ᠠᠩᠭᠢ ᠨᠢ ︽ᠬᠡᠷᠡᠯ ᠵᠢᠷᠤᠭ ᠤᠨ ᠬᠡᠷᠡᠭᠯᠡᠯᠲᠡ ᠪᠠ ᠦᠶᠯᠡᠳᠬᠦ ᠤᠷ᠎ᠠ ᠮᠡᠷᠭᠡᠵᠢᠯ︾᠂ ︽ᠭᠠᠳᠠᠭᠠᠳᠤ ᠤᠬᠠᠭᠤᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ︾᠂ ︽ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ︾ ᠵᠡᠷᠭᠡ 3 ᠬᠤᠭᠤᠴᠠᠭᠠᠨ ᠤ ᠲᠤᠰᠬᠠᠶ ᠰᠡᠳᠦᠪᠲᠦ ᠵᠢᠭᠠᠨ ᠰᠤᠷᠭᠠᠯᠲᠠ᠂ 1 ᠤᠳᠠᠭᠠᠨ ᠤ ᠲᠤᠬᠠᠶ ᠶᠢᠨ ᠲᠠᠯᠠᠪᠠᠶ ᠶᠢᠨ ᠦᠢᠯᠡᠳᠦᠯᠬᠡ ᠶᠢᠨ ᠵᠢᠭᠠᠨ ᠰᠤᠷᠭᠠᠯᠲᠠ ᠲᠣᠬᠢᠷᠠᠭᠤᠯᠵᠤ᠂ ︽ᠲᠥᠷᠥ ᠶᠢᠨ ᠪᠣᠳᠣᠯᠭ᠎ᠠ ᠶᠢᠨ ᠣᠨᠣᠯ + ᠪᠣᠳᠠᠲᠤ ᠦᠢᠯᠡᠳᠦᠯᠬᠡ︾ ᠵᠢᠭᠠᠨ ᠰᠤᠷᠭᠠᠯᠲᠠ ᠶᠢᠨ ᠵᠠᠭᠪᠤᠷ ᠢᠶᠠᠷ ᠪᠥᠬᠦ ᠲᠠᠯ᠎ᠠ ᠶᠢᠨ ᠪᠤᠯᠪᠠᠰᠤᠷᠠᠯ ᠵᠢᠯᠣᠭᠤᠳᠣᠯᠭ᠎ᠠ ᠬᠢᠭᠰᠡᠨ ᠪᠠᠶᠢᠨ᠎ᠠ᠃ ᠣᠯᠠᠨ ᠢᠶᠠᠷ ᠢᠶᠠᠨ᠂ ᠲᠣᠰ ᠤᠳᠠᠭᠠᠨ ᠤ ᠳᠠᠳᠤᠯᠭ᠎ᠠ ᠪᠣᠯᠪᠠᠰᠤᠷᠠᠯ ᠤᠨ ᠠᠭᠤᠯᠭ᠎ᠠ ᠡᠯᠪᠡᠭ ᠪᠠᠶᠠᠯᠢᠭ᠂ ᠠᠮᠢᠳᠤᠯᠢᠭ ᠰᠠᠶᠢᠬᠠᠨ᠂ ᠬᠡᠷᠡᠭᠯᠡᠭᠡᠨ ᠤ ᠴᠢᠨᠠᠷ ᠢᠶᠠᠷ ᠴᠢᠩᠭ᠎ᠠ ᠪᠠᠶᠢᠵᠤ᠂ ᠬᠡᠷᠡᠯ ᠵᠢᠷᠤᠭ ᠤᠨ ᠠᠪᠢᠶᠠᠰ ᠪᠢᠯᠢᠭ ᠢ ᠬᠦᠭᠵᠢᠬᠡᠬᠦ ᠪᠠᠷ ᠪᠠᠷᠠᠬᠤ ᠥᠬᠡᠶ ᠪᠠᠰᠠ ᠰᠡᠭᠦᠳᠡᠷᠯᠡᠬᠦ ᠲᠤᠰᠬᠠᠶ ᠮᠡᠷᠭᠡᠵᠢᠯ ᠤᠨ ᠮᠡᠳᠡᠯᠭᠡ ᠪᠠ ᠬᠡᠷᠡᠭᠯᠡᠭᠡᠨ ᠤ ᠤᠷ᠎ᠠ ᠴᠢᠳᠠᠪᠤᠷᠢ ᠶᠢ ᠤᠯᠠᠮ ᠨᠢᠭᠡ ᠠᠯᠬᠤᠮ ᠡᠵᠡᠮᠰᠢᠬᠦᠯᠵᠦ ᠴᠢᠳᠠᠵᠠᠢ ᠬᠡᠵᠦ ᠦᠵᠡᠵᠡᠭᠡᠭᠰᠡᠨ ᠤ ᠬᠠᠮᠳᠤ ᠬᠤᠶᠢᠰᠢᠳᠠ ᠰᠤᠷᠤᠭᠰᠠᠨ ᠢᠶᠠᠨ ᠬᠡᠷᠡᠭᠯᠡᠵᠦ᠂ ᠳᠤᠷᠠᠨ ᠬᠠᠷᠠᠭ᠎ᠠ ᠦᠵᠦᠭ ᠪᠢᠷ ᠢᠶᠠᠷ  ᠢᠶᠠᠨ ᠰᠥᠨᠢᠳ ᠪᠠᠷᠠᠭᠤᠨ ᠬᠤᠰᠢᠭᠤᠨ ᠤ ᠥᠯᠢᠭᠡᠷ ᠢ ᠰᠠᠶᠢᠲᠤᠷ ᠶᠠᠷᠢᠵᠤ᠂ ᠪᠥᠬᠦ ᠬᠤᠰᠢᠭᠤᠨ ᠤ ᠰᠤᠷᠳᠠᠯ ᠤᠬᠠᠭᠤᠯᠭ᠎ᠠ ᠠᠵᠢᠯ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ ᠬᠡᠵᠦ ᠢᠯᠡᠷᠭᠡᠶᠢᠯᠡᠵᠡᠭᠡᠵᠡᠢ᠃      ᠬᠤᠰᠢᠭᠤ ᠬᠠᠮ ᠵᠠᠭᠤᠴᠢᠯᠠᠭᠤᠷ ᠤᠨ ᠲᠥᠪ᠂ ᠤᠳᠬ᠎ᠠ ᠤᠷᠠᠯᠢᠭ ᠤᠨ ᠬᠢᠨ ᠤ ᠬᠤᠯᠪᠤᠭᠠᠳᠤ ᠬᠤᠷᠠᠯ ᠤᠨ ᠺᠠᠳ᠋ᠷ ᠠᠵᠢᠯᠲᠠᠨ᠂ ᠭᠡᠷᠡᠯ ᠵᠢᠷᠤᠭ ᠤᠨ ᠨᠡᠶᠢᠭᠡᠮᠯᠢᠭ ᠤᠨ ᠪᠦᠬᠦ ᠪᠦᠷᠢᠯᠳᠦᠬᠦᠨ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠴᠢᠮᠡᠭᠡᠯᠡᠭᠴᠢ᠂ ᠭᠡᠷᠡᠯ ᠵᠢᠷᠤᠭ ᠤᠨ ᠪᠠᠭ᠋ᠠᠳᠠᠳ ᠪᠣᠯᠪᠠᠰᠤᠷᠠᠯ ᠳᠤ ᠣᠷᠣᠯᠴᠠᠪᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号