︽ᠬᠠᠷᠢᠶᠠᠲᠦ ᠶᠢᠨ ᠰᠡᠳᠬᠢᠯ ᠡᠭᠦᠷᠢᠳᠡ ᠨᠠᠮ ᠢᠶᠠᠨ ᠳᠠᠭᠠᠵᠤ᠂ ᠬᠠᠮᠳᠤ ᠶᠢᠨ ᠰᠡᠳᠬᠢᠯ ᠢ ᠬᠠᠮᠳᠤ ᠪᠠᠷ ᠵᠢᠷᠤᠭᠯᠠᠬᠤ ᠵᠢᠴᠢ ᠡᠮᠴᠢᠯᠡᠭᠡ ᠬᠦᠷᠭᠡᠵᠦ ᠦᠢᠯᠡᠴᠢᠯᠡᠭᠡ ᠬᠦᠷᠭᠡᠬᠦ︾ ᠭᠤᠤᠯ ᠰᠡᠳᠦᠪᠳᠦ ᠠᠵᠢᠯᠯᠠᠭ᠎ᠠ ᠶᠠᠪᠤᠭᠳᠠᠭᠰᠠᠨ
ᠨᠡᠶᠢᠲᠡᠯᠡᠭᠰᠡᠨ ᠴᠠᠭ᠄
2024/8/22
     8 ᠰᠠᠷ᠎ᠠ ᠶᠢᠨ 20 ᠤ ᠡᠳᠦᠷ᠂ ᠮᠠᠨ ᠤ ᠬᠤᠰᠢᠭᠤ ︽ᠬᠠᠷᠢᠶᠠᠲᠦ ᠶᠢᠨ ᠰᠡᠳᠬᠢᠯ ᠡᠭᠦᠷᠢᠳᠡ ᠨᠠᠮ ᠢᠶᠠᠨ ᠳᠠᠭᠠᠵᠤ᠂ ᠬᠠᠮᠳᠤ ᠶᠢᠨ ᠰᠡᠳᠬᠢᠯ ᠢ ᠬᠠᠮᠳᠤ ᠪᠠᠷ ᠵᠢᠷᠤᠭᠯᠠᠬᠤ ᠵᠢᠴᠢ ᠡᠮᠴᠢᠯᠡᠭᠡ ᠬᠦᠷᠭᠡᠵᠦ ᠦᠢᠯᠡᠴᠢᠯᠡᠭᠡ ᠬᠦᠷᠭᠡᠬᠦ︾ ᠭᠤᠤᠯ ᠰᠡᠳᠦᠪᠳᠦ ᠠᠵᠢᠯᠯᠠᠭ᠎ᠠ ᠶᠠᠪᠤᠭᠳᠠᠭᠤᠯᠤᠨ᠂ ᠮᠠᠯᠴᠢᠨ ᠲᠦᠮᠡᠨ ᠢᠶᠠᠨ ᠪᠠᠶ᠋ᠰᠬᠠᠯ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠠᠶᠢᠨᠴᠣᠭᠲᠤ ᠠᠵᠢᠯᠯᠠᠭ᠎ᠠ  ᠳᠤ ᠣᠷᠣᠯᠴᠠᠪᠠ᠃      ᠤᠯᠠᠭᠠᠨᠮᠥ᠋ᠴᠢᠷ ᠤᠨ ᠳᠤᠭᠯᠠᠭᠴᠢᠳ ᠤᠨ ᠭᠤᠴᠤ ᠰᠠᠶᠢᠬᠠᠨ ᠳᠤᠭᠯᠠᠯᠳᠠ᠂ ᠠᠯᠪᠠᠨ ᠵᠢᠷᠤᠮ ᠤᠨ ᠡᠮᠴᠢᠯᠡᠭᠡ᠂ ᠮᠠᠯᠴᠢᠨ ᠲᠦᠮᠡᠨ ᠳᠤ ᠬᠠᠨᠳᠤᠭᠤᠯᠤᠭᠰᠠᠨ ᠤᠬᠠᠭᠤᠯᠭ᠎ᠠ ᠦᠶᠯᠡᠴᠢᠯᠡᠭᠡ᠂ ᠰᠠᠩᠪᠤᠯᠠᠭ ᠰᠤᠮᠤᠨ ᠤ ᠰᠢᠨᠡᠪᠤᠯᠠᠭ ᠭᠠᠴᠠᠭᠠᠨ ᠳᠤ ᠬᠦᠷ ᠬᠦᠭᠵᠢᠶᠡᠨ ᠲᠠᠢ ᠶᠠᠪᠤᠭᠳᠠᠵᠤ᠂ ᠣᠨᠣᠯ ᠲᠥᠷᠥ ᠶᠢᠨ ᠪᠣᠳᠣᠯᠭ᠎ᠠ ᠶᠢᠨ ᠪᠣᠯᠪᠠᠰᠤᠷᠠᠯ᠂ ᠡᠮ ᠡᠮᠨᠡᠯᠭᠡ ᠬᠦᠷᠬᠡᠬᠦ᠂ ᠠᠷᠠᠳ ᠤᠨ ᠠᠮᠢᠳᠤᠷᠠᠯ ᠳᠤ ᠦᠶᠯᠡᠴᠢᠯᠡᠬᠦ ᠶᠢ ᠨᠢᠭᠡ ᠴᠣᠭᠴᠠᠵᠢᠭᠤᠯᠤᠭᠰᠠᠨ ᠭᠤᠤᠯ ᠰᠡᠳᠦᠪᠲᠦ ᠠᠵᠢᠯᠯᠠᠭ᠎ᠠ ᠮᠠᠯᠴᠢᠨ ᠲᠦᠮᠡᠨ ᠤ ᠨᠠᠮᠤᠷ ᠴᠠᠭ ᠤᠨ ᠠᠵᠢᠯ ᠤᠨ ᠴᠢᠯᠡᠭᠡ ᠶᠢ ᠳᠠᠶᠢᠯᠠᠨ᠂ ᠰᠡᠳᠬᠢᠯ ᠢ ᠨᠢ ᠳᠤᠯᠠᠭᠠᠴᠠᠭᠤᠯᠤᠯ᠎ᠠ᠃      ᠤᠯᠠᠭᠠᠨᠮᠥ᠋ᠴᠢᠷ ᠤᠨ ᠰᠠᠯᠪᠤᠷᠢ ᠪᠠᠭ᠎ᠠ ᠠᠩᠭᠢ ᠶᠢᠨ ᠬᠢᠨ ᠤᠶᠠᠩᠭ᠎ᠠ ᠳᠠᠭᠤᠤ ᠤᠷᠠᠨ ᠪᠥᠵᠢᠭ ᠢᠶᠠᠨ ᠡᠷᠬᠦᠨ᠂ ᠡᠭᠡᠰᠢᠭᠳᠦ ᠬᠤᠭᠤᠷ ᠬᠦᠭᠵᠢᠮ ᠢᠶᠠᠨ ᠴᠢᠪᠬᠠᠳᠠᠨ᠂ ᠮᠠᠯᠴᠢᠨ ᠲᠦᠮᠡᠨ ᠤ ᠪᠠᠨ ᠬᠠᠯᠠᠭᠤᠨ ᠳᠠᠭᠠᠰᠢᠶᠠᠯ ᠢ ᠬᠦᠯᠢᠶᠡᠨ᠂ ᠲᠤᠬᠠᠶ ᠶᠢᠨ ᠲᠠᠯᠠᠪᠠᠶ ᠳᠤ ᠬᠥᠷ ᠨᠠᠷᠭᠢᠶᠠᠨ ᠢᠶᠠᠷ ᠪᠢᠯᠬᠠᠨ᠎ᠠ᠃      ᠪᠡᠭᠡᠵᠢᠩ ᠤᠨ ᠳᠤᠰᠬᠠᠢ ᠮᠡᠷᠭᠡᠵᠢᠯᠳᠡᠨ ᠢᠶᠠᠷ ᠦᠨ᠎ᠡ ᠲᠦᠯᠦᠪᠦᠷᠢ ᠦᠬᠡᠢ ᠪᠠᠷ ᠡᠮᠴᠢᠯᠡᠬᠦᠯᠬᠦ ᠰᠠᠶᠢᠨ ᠪᠤᠯᠤᠮᠵᠢ  ᠶᠢ ᠠᠨᠳᠠᠯ ᠦᠬᠡᠢ ᠬᠦᠷᠴᠦ ᠢᠷᠡᠭᠰᠡᠨ ᠮᠠᠯᠴᠢᠨ ᠲᠦᠮᠡᠨ ᠠᠯᠪᠠᠨ ᠵᠢᠷᠤᠮ ᠤᠨ ᠡᠮᠴᠢᠯᠡᠭᠡᠨ ᠤ ᠠᠬᠤᠶ ᠲᠠᠯᠠᠪᠠᠶ ᠳᠤ ᠴᠤᠭᠯᠠᠷᠠᠵᠠᠭᠠᠨ᠂ ᠡᠮᠬᠢ ᠳᠠᠷᠠᠭ᠎ᠠ ᠲᠠᠢ ᠮᠦᠷᠯᠡᠨ ᠡᠪᠡᠳᠴᠢᠨ ᠢᠶᠠᠨ ᠦᠵᠡᠬᠦᠯᠦᠨ᠎ᠡ᠃ ᠲᠤᠰᠬᠠᠢ ᠮᠡᠷᠭᠡᠵᠢᠯᠲᠡᠨ ᠰᠤᠳᠠᠯ ᠪᠠᠷᠢᠵᠤ ᠤᠨᠤᠰᠢᠯᠠᠨ᠂ ᠡᠪᠡᠳᠴᠢᠨ ᠳᠤ ᠨᠢ ᠳᠤᠬᠢᠷᠠᠭᠤᠯᠵᠤ ᠦᠨ᠎ᠡ ᠲᠦᠯᠦᠪᠦᠷᠢ ᠦᠬᠡᠢ ᠪᠠᠷ ᠡᠮ ᠳᠠᠩ ᠦᠭᠴᠦ᠂ ᠠᠩᠬᠠᠷᠬᠤ ᠵᠤᠬᠢᠰᠳᠠᠢ ᠵᠦᠢᠯᠡᠰ ᠢ ᠨᠢ ᠨᠠᠷᠢᠨ ᠬᠢᠨᠠᠮᠠᠭᠠᠢ ᠳᠠᠶᠢᠯᠪᠤᠷᠢᠯᠠᠵᠤ ᠦᠭᠭᠦᠭᠰᠡᠨ ᠤ ᠬᠠᠮᠲᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠮᠡᠳᠡᠯᠭᠡ ᠶᠢᠨ ᠤᠬᠠᠭᠤᠯᠭ᠎ᠠ ᠶᠢ ᠴᠤ ᠮᠠᠯᠴᠢᠨ ᠲᠦᠮᠡᠨ ᠳᠤ ᠭᠠᠷᠳᠠᠭᠤᠯᠪᠠ᠃      ᠲᠣᠰ ᠤᠳᠠᠭᠠᠨ ᠤ ᠠᠵᠢᠯᠯᠠᠭ᠎ᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠢᠵᠢᠮ ᠲᠠᠢ ᠨᠢᠭᠲᠠ ᠤᠶᠠᠯᠳᠤᠭᠤᠯᠤᠨ᠂ ᠠᠷᠠᠳ ᠤᠨ ᠰᠡᠳᠬᠢᠯ ᠢ ᠨᠢᠭᠳᠠᠷᠠᠭᠤᠯᠵᠤ᠂ ᠬᠦᠴᠦᠨ ᠢ ᠨᠢᠭᠳᠠᠷᠠᠭᠤᠯᠵᠤ᠂ ᠣᠶᠤᠨ ᠤᠬᠠᠭᠠᠨ ᠢ ᠲᠦᠪᠯᠡᠷᠡᠭᠦᠯᠦᠨ᠂ ᠣᠯᠠᠨ ᠲᠦᠮᠡᠨ ᠤ ᠨᠠᠮ  ᠤᠨ ᠦᠭᠡ ᠶᠢ ᠡᠷᠡᠰ ᠭᠤᠶᠢᠪᠢᠰᠢ ᠥᠬᠡᠶ ᠰᠣᠨᠣᠰᠴᠤ᠂ ᠨᠠᠮ ᠢᠶᠠᠨ ᠳᠠᠭᠠᠬᠤ ᠢᠳᠡᠭᠡᠯ ᠪᠢᠰᠢᠷᠡᠯ ᠢ ᠤᠯᠠᠮ ᠨᠢᠭᠡ ᠠᠯᠬᠤᠮ ᠬᠦᠳᠦᠯᠦᠨ ᠵᠢᠯᠤᠭᠤᠳᠴᠤ᠂ ᠨᠠᠮ ᠤᠨ ᠭᠠᠳᠠᠨᠠᠬᠢ ᠰᠡᠭᠡᠭᠡᠳᠡᠳ ᠤᠨ ᠨᠥᠬᠦᠷᠯᠡᠯ ᠤᠨ ᠬᠤᠯᠪᠤᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠨ ᠨᠡᠮᠡᠷᠢᠯᠡᠬᠦ ᠦᠶᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠨᠡᠶᠢᠭᠡᠮ ᠤᠨ ᠬᠠᠷᠢᠭᠤᠴᠠᠯᠭ᠎ᠠ ᠪᠠᠨ ᠬᠢᠨᠠᠮᠠᠭᠠᠶ ᠭᠦᠶᠴᠡᠳᠬᠡᠵᠦ᠂ ᠠᠷᠠᠳ ᠤᠨ ᠠᠮᠢᠳᠤᠷᠠᠯ ᠳᠤ ᠪᠥᠬᠦ ᠰᠡᠳᠬᠢᠯ ᠢᠶᠠᠷ ᠦᠢᠯᠡᠴᠢᠯᠡᠬᠦ ᠶᠢ ᠵᠤᠷᠢᠵᠠᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号