ᠮᠠᠯ ᠤᠨᠤᠭ᠎ᠠ ᠶᠢ ᠳᠠᠭᠠᠳᠬᠠᠯ ᠳᠤ ᠣᠷᠣᠭᠤᠯᠵᠤ ᠮᠠᠯᠴᠢᠳ ᠤᠨ ᠬᠤᠬᠢᠷᠠᠯ ᠢ ᠪᠠᠭᠠᠰᠬᠠᠵᠤ ᠪᠠᠶᠢᠨ᠎ᠠ
ᠨᠡᠶᠢᠲᠡᠯᠡᠭᠰᠡᠨ ᠴᠠᠭ᠄
2024/8/22
     ᠮᠠᠨ ᠤ ᠬᠤᠰᠢᠭᠤ ᠲᠡᠵᠢᠭᠡᠨ ᠦᠷᠡᠵᠢᠭᠦᠯᠬᠦ ᠦᠶᠯᠡᠰ ᠤᠨ ᠳᠠᠭᠠᠳᠬᠠᠯ ᠢ ᠪᠦᠬᠦ ᠬᠤᠰᠢᠭᠤᠨ ᠤ ᠬᠡᠪᠴᠢᠶᠡᠨ  ᠳᠤ ᠦᠷᠭᠦᠯᠵᠢᠯᠡᠨ ᠳᠡᠯᠭᠡᠷᠡᠭᠦᠯᠵᠦ᠂ ᠮᠠᠯᠴᠢᠳ ᠤᠨ ᠭᠠᠩ ᠭᠠᠮᠰᠢᠭ᠂ ᠡᠪᠡᠳᠴᠢᠨ ᠡᠮᠭᠡᠭ ᠠᠴᠠ ᠪᠤᠯᠵᠤ ᠦᠬᠦᠵᠦ ᠠᠳᠡᠭᠰᠡᠨ ᠮᠠᠯ ᠳᠤ ᠵᠤᠬᠢᠬᠤ ᠲᠦᠯᠦᠪᠦᠷᠢ ᠦᠭᠴᠦ᠂ ᠮᠠᠯᠴᠢᠳ ᠤᠨ ᠠᠵᠤ ᠠᠬᠤᠢ ᠶᠢᠨ ᠬᠤᠬᠢᠷᠠᠯ ᠢ ᠶᠡᠭᠡ ᠪᠠᠷ ᠪᠠᠭᠠᠰᠬᠠᠵᠤ᠂ ᠮᠠᠯ ᠠᠵᠤ ᠠᠬᠤᠢ ᠶᠢᠨ ᠭᠠᠮᠰᠢᠭ ᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠮᠠᠯᠴᠢᠳ ᠤᠨ ᠮᠠᠯ ᠲᠡᠵᠢᠭᠡᠪᠦᠷᠢ ᠶᠢᠨ ᠦᠢᠯᠡᠰ ᠢᠶᠠᠨ ᠬᠥᠭᠵᠢᠭᠦᠯᠬᠦ ᠵᠤᠷᠢᠭ ᠢ ᠬᠦᠪᠴᠢᠯᠡᠵᠡᠢ᠃      ᠰᠠᠶᠢᠬᠠᠨᠲᠠᠯ᠎ᠠ ᠪᠠᠯᠭᠠᠰᠤᠨ ᠤ ᠲᠥᠬᠦᠮ ᠭᠠᠴᠠᠭᠠᠨ ᠳᠤ᠂ ᠵᠦᠩ ᠬᠤᠸᠠ ᠬᠠᠮᠲᠤᠷᠠᠭᠰᠠᠨ ᠡᠳ᠋ ᠬᠥᠷᠥᠩᠭᠡ  ᠶᠢᠨ ᠳᠠᠭᠠᠳᠬᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠮᠠᠨ ᠤ ᠬᠤᠰᠢᠭᠤᠨ ᠳᠠᠬᠢ ᠬᠤᠪᠢᠶᠠᠷᠢ ᠺᠣᠮᠫᠠᠨᠢ ᠶᠢᠨ ᠠᠵᠢᠯᠲᠠᠨ ᠶᠠᠭ ᠰᠠᠶᠢᠬᠠᠨ ᠮᠠᠯᠴᠢᠳ ᠲᠤ ᠲᠡᠵᠢᠭᠡᠨ ᠦᠷᠡᠵᠢᠭᠦᠯᠬᠦ ᠦᠶᠯᠡᠰ ᠤᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠳᠠᠭᠠᠳᠬᠠᠯ ᠤᠨ ᠣᠳᠣᠬᠠᠨ ᠤ ᠪᠠᠶᠢᠳᠠᠯ ᠳᠣᠤᠷᠠᠬᠢ ᠲᠥᠯᠥᠪᠦᠷᠢ ᠥᠭᠬᠦ ᠲᠥᠷᠥ ᠶᠢᠨ ᠪᠣᠳᠣᠯᠭ᠎ᠠ ᠶᠢ ᠲᠠᠨᠢᠯᠴᠠᠭᠤᠯᠵᠤ ᠪᠠᠶᠢᠯ᠎ᠠ᠃ ᠨᠢᠳᠤᠨᠤᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠳᠠᠭᠠᠳᠬᠠᠯ ᠤᠨ ᠰᠠᠭᠤᠷᠢ ᠶᠢ ᠪᠠᠲᠤᠯᠠᠬᠤ ᠳᠠᠪᠠᠭᠤᠯᠢᠭ ᠢ ᠪᠡᠶ᠎ᠡ ᠪᠠᠷ ᠢᠶᠠᠨ ᠣᠶᠢᠯᠠᠭᠠᠵᠤ ᠥᠩᠭᠡᠷᠡᠭᠰᠡᠨ ᠯᠢ ᠯᠢᠶᠠᠩ ᠠᠵᠢᠯᠲᠠᠨ ᠤ ᠲᠠᠨᠢᠯᠴᠠᠭᠤᠯᠭ᠎ᠠ ᠶᠢ ᠰᠣᠨᠣᠰᠤᠭᠠᠳ ᠮᠠᠰᠢ ᠬᠠᠨᠤᠮᠵᠢᠳᠠᠢ ᠪᠠᠶᠢᠯ᠎ᠠ᠃      ᠣᠶᠢᠯᠠᠭᠠᠭᠰᠠᠨ ᠢᠶᠠᠷ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠮᠠᠯ ᠤᠨ ᠳᠠᠭᠠᠳᠬᠠᠯ ᠤᠨ ᠨᠥᠬᠦᠪᠥᠷᠢ ᠠᠴᠠ ᠭᠠᠳᠠᠨ᠎ᠠ᠂ ᠦᠬᠡᠷ ᠪᠦᠷᠢ ᠶᠢᠨ ᠳᠠᠭᠠᠳᠬᠠᠯ ᠤᠨ ᠰᠦᠢᠳᠬᠡᠯ ᠨᠢ ᠵᠥᠪᠬᠡᠨ 60 ᠲᠥᠭᠦᠷᠢᠭ ᠠᠴᠠ 100 ᠲᠥᠭᠦᠷᠢᠭ ᠤᠨ ᠬᠤᠭᠤᠷᠤᠨᠳᠤ ᠪᠠᠶᠢᠵᠤ᠂ ᠳᠥᠯᠥᠬᠦ ᠵᠣᠭᠤᠰ ᠤᠨ ᠲᠤᠭ᠎ᠠ ᠨᠢ ᠳᠠᠷᠤᠶ 6000 ᠲᠥᠭᠦᠷᠢᠭ ᠠᠴᠠ 10000 ᠲᠥᠭᠦᠷᠢᠭ ᠲᠤ ᠬᠦᠷᠬᠦ ᠪᠤᠯᠤᠨ᠎ᠠ᠃ ᠣᠳᠣᠬᠠᠨ ᠪᠣᠯᠲᠠᠯ᠎ᠠ᠂ ᠵᠥᠩ ᠬᠤᠸᠠ ᠬᠠᠮᠳᠤᠷᠠᠭᠰᠠᠨ ᠡᠳ᠋ ᠬᠥᠷᠥᠩᠭᠡ ᠶᠢᠨ ᠳᠠᠭᠠᠳᠬᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠮᠠᠨ ᠤ ᠬᠤᠰᠢᠭᠤᠨ ᠳᠠᠬᠢ ᠬᠤᠪᠢᠶᠠᠷᠢ ᠺᠣᠮᠫᠠᠨᠢ ᠵᠢᠴᠢ ᠠᠨ ᠬᠤᠸᠠ ᠲᠠᠷᠢᠶᠠᠯᠠᠩ ᠤᠨ ᠳᠠᠭᠠᠳᠬᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠮᠠᠨ ᠤ ᠬᠤᠰᠢᠭᠤᠨ ᠳᠠᠬᠢ ᠬᠤᠪᠢᠶᠠᠷᠢ ᠺᠣᠮᠫᠠᠨᠢ ᠠᠴᠠ ᠪᠥᠬᠦ ᠬᠤᠰᠢᠭᠤᠨ ᠤ 7 ᠰᠤᠮᠤ ᠪᠠᠯᠭᠠᠰᠤᠨ ᠤ 811 ᠮᠠᠯᠴᠢᠨ ᠡᠷᠦᠬᠡ ᠶᠢᠨ 25850 ᠳᠤᠯᠤᠭᠠᠢ ᠦᠬᠡᠷ ᠢ ᠲᠡᠵᠢᠭᠡᠨ ᠦᠷᠡᠵᠢᠭᠦᠯᠬᠦ ᠦᠶᠯᠡᠰ ᠤᠨ ᠳᠠᠭᠠᠳᠬᠠᠯ  ᠳᠤ ᠠᠮᠵᠢᠯᠲᠠᠲᠠᠶ ᠤᠷᠤᠭᠤᠯᠵᠠᠢ᠃      ᠬᠤᠶᠢᠰᠢᠳᠡ᠂ ᠮᠠᠨ ᠤ ᠬᠤᠰᠢᠭᠤ ᠬᠠᠷᠢᠭᠤᠴᠠᠯᠭ᠎ᠠ ᠪᠠᠨ ᠦᠷᠬᠦᠯᠵᠢᠯᠡᠨ ᠴᠢᠩᠭ᠎ᠠ ᠨᠠᠶᠢᠳᠠᠪᠤᠷᠢᠵᠢᠭᠤᠯᠵᠤ᠂ ᠭᠠᠩ ᠬᠠᠭᠰᠠᠷᠠᠭᠠᠨ ᠤ ᠪᠠᠶᠢᠳᠠᠯ ᠢ ᠦᠨᠳᠦᠰᠦᠯᠡᠨ᠂ ᠭᠠᠩ ᠬᠠᠭᠰᠠᠷᠠᠭᠠᠨ ᠤ ᠪᠠᠶᠢᠳᠠᠯ ᠤᠨ ᠬᠠᠨᠳᠤᠰᠢ ᠵᠢᠴᠢ ᠭᠠᠩ ᠬᠠᠭᠰᠠᠷᠠᠭᠠᠨ ᠤ ᠨᠥᠯᠥᠭᠡ ᠶᠢᠨ ᠬᠡᠮᠵᠢᠶ᠎ᠡ ᠶᠢ ᠴᠠᠭ ᠲᠤᠬᠠᠢ ᠳᠤᠨᠢ ᠡᠵᠡᠮᠳᠡᠵᠦ᠂ ᠮᠠᠯᠴᠢᠨ ᠡᠷᠦᠬᠡ ᠳᠤ ᠭᠦᠨᠵᠡᠭᠡᠶᠢᠷᠡᠨ ᠲᠣᠭᠤᠷᠢᠨ ᠦᠵᠡᠵᠦ ᠪᠠᠶᠢᠴᠠᠭᠠᠨ ᠰᠤᠳᠤᠯᠬᠤ ᠠᠵᠢᠯᠯᠠᠭ᠎ᠠ ᠥᠷᠨᠢᠭᠦᠯᠦᠨ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠪᠠ ᠰᠢᠢᠳᠪᠦᠷᠢᠯᠡᠬᠦ ᠴᠢᠬᠤᠯᠠᠲᠠᠢ ᠬᠦᠴᠢᠷᠳᠡᠯ ᠢ ᠪᠦᠬᠦ ᠲᠠᠯ᠎ᠠ ᠪᠠᠷ ᠣᠶᠢᠯᠠᠭᠠᠵᠤ᠂ ᠮᠠᠯᠴᠢᠳ  ᠢ ᠬᠠᠪᠰᠤᠷᠤᠨ ᠪᠣᠳᠠᠲᠠᠢ ᠠᠰᠠᠭᠤᠳᠠᠯ ᠢ ᠨᠢ ᠰᠢᠢᠳᠪᠦᠷᠢᠯᠡᠵᠦ ᠦᠭᠭᠦ ᠪᠤᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号