ᠪᠠᠶᠠᠨᠬᠤᠩᠭᠤᠷ ᠭᠠᠴᠠᠭᠠᠨ ᠤ ᠠᠩᠬᠠᠳᠤᠭᠠᠷ ᠤᠳᠠᠭᠠᠨ ᠤ ᠮᠠᠯᠴᠢᠳ ᠤᠨ ᠨᠠᠭᠠᠳᠤᠮ ᠨᠢᠵᠢᠬᠡᠷ ᠰᠠᠶᠢᠬᠠᠨ ᠶᠠᠪᠤᠭᠳᠠᠯ᠎ᠠ
ᠨᠡᠶᠢᠲᠡᠯᠡᠭᠰᠡᠨ ᠴᠠᠭ᠄
2024/8/24
     ᠵᠢᠷᠦᠬᠡ ᠪᠠᠯᠭᠠᠰᠤᠨ ᠤ ᠪᠠᠶᠠᠨᠬᠤᠩᠭᠤᠷ ᠭᠠᠴᠠᠭᠠᠨ ᠤ ᠮᠠᠯᠴᠢᠳ ᠤᠨ ᠨᠠᠭᠠᠳᠤᠮ 8 ᠰᠠᠷ᠎ᠠ ᠶᠢᠨ 22 ᠳᠤ ᠨᠢᠵᠢᠬᠡᠷ ᠰᠠᠶᠢᠬᠠᠨ ᠶᠠᠪᠤᠭᠳᠠᠵᠤ᠂ ᠬᠤᠯᠠ ᠤᠶᠢᠷ᠎ᠠ ᠶᠢᠨ ᠨᠠᠭᠠᠳᠤᠮᠴᠢᠨ ᠲᠦᠮᠡᠨ ᠢᠶᠠᠨ ᠪᠠᠶᠠᠰᠬᠠᠯ᠎ᠠ᠃      ᠳᠤᠭᠤᠢ ᠭᠡ ᠲᠠᠢ ᠨᠠᠭᠠᠳᠤᠮ ᠳᠤᠷᠭᠠᠨ ᠳᠠᠯ᠎ᠠ ᠪᠠᠨ ᠴᠢᠮᠡᠵᠦ᠂ ᠳᠠᠮᠠᠴᠢ ᠶᠢᠨ ᠦᠷᠭᠡᠨ ᠳᠠᠯ᠎ᠠ ᠳᠤ ᠬᠦᠯᠦᠭ  ᠤᠨ ᠰᠢᠨᠳᠠᠰᠤ ᠴᠢᠩᠭᠠᠷᠠᠨ᠂ ᠳᠡᠯᠡᠭᠡᠢ ᠲᠦᠬᠦᠷᠭᠡᠮ᠎ᠡ ᠳᠡᠪᠢᠯᠳᠠ ᠳᠤ ᠪᠦᠬᠡ ᠶᠢᠨ ᠬᠡᠶᠢᠮᠦᠷᠢ ᠰᠡᠷᠬᠦᠵᠦ᠂ ᠬᠤᠯᠠ ᠤᠶᠢᠷ᠎ᠡ ᠶᠢᠨ ᠨᠠᠭᠠᠳᠤᠮᠴᠢᠨ ᠲᠦᠮᠡᠨ ᠴᠡᠩᠭᠡᠯᠳᠦᠵᠦ᠂ ᠨᠠᠮᠤᠷ ᠴᠠᠭ ᠤᠨ ᠰᠦᠨᠢᠳ ᠤᠨ ᠳᠠᠯ᠎ᠠ ᠨᠠᠶᠢᠷ ᠨᠠᠭᠠᠳᠤᠮ ᠤᠨ ᠪᠠᠶᠠᠷᠳᠤ ᠠᠭᠤᠷ ᠠᠮᠢᠰᠬᠤᠯ ᠢᠶᠠᠷ ᠪᠢᠯᠬᠠᠨ᠎ᠠ᠃      ᠬᠤᠰᠢᠭᠤ ᠤᠯᠠᠭᠠᠨᠮᠥ᠋ᠴᠢᠷ ᠤᠨ ᠰᠠᠯᠪᠤᠷᠢ ᠪᠠᠭ᠎ᠠ ᠠᠩᠭᠢ ᠪᠣᠯᠤᠨ ᠠᠵᠢᠯ ᠤᠨ ᠴᠢᠯᠥᠭᠡᠨ ᠤ ᠤᠯᠠᠭᠠᠨᠮᠥ᠋ᠴᠢᠷ  ᠤᠨ ᠲᠣᠭᠯᠠᠯᠲᠠ ᠨᠠᠭᠠᠳᠤᠮ ᠳᠤ ᠦᠩᠭᠡ ᠨᠡᠮᠡᠷᠢᠯᠡᠵᠦ᠂ ᠤᠷᠳᠤ ᠶᠢᠨ ᠳᠠᠭᠤᠨ ᠤ ᠰᠢᠷᠤᠩᠬᠠᠢ᠂ ᠬᠤᠭᠤᠷ ᠬᠦᠭᠵᠢᠮ  ᠤᠨ ᠡᠭᠡᠰᠢᠭ ᠳᠠᠯ᠎ᠠ ᠨᠤᠳᠤᠭ ᠲᠤ ᠴᠤᠤᠷᠢᠶᠠᠲᠤᠨ᠎ᠠ᠃ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠨᠠᠰᠤᠲᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ ᠪᠦᠷᠢᠨᠳᠡᠯᠭᠡᠷ ᠤᠷᠢᠯᠭ᠎ᠠ ᠪᠠᠷ ᠨᠠᠶᠢᠷ ᠲᠤ ᠣᠷᠣᠯᠴᠠᠪᠠ᠃      ᠠᠵᠢᠯᠴᠢ ᠮᠠᠯᠴᠢᠳ ᠤᠨ ᠡᠩᠨᠡᠭᠡ᠂ ᠪᠦᠬᠡᠴᠢᠳ ᠤᠨ ᠡᠩᠨᠡᠭᠡ᠂ ᠮᠤᠷᠢᠳᠠᠳ ᠤᠨ ᠡᠩᠨᠡᠭᠡ᠂ ᠬᠠᠷᠪᠤᠭᠠᠴᠢᠳ  ᠤᠨ ᠡᠩᠨᠡᠭᠡ ᠵᠠᠯᠭᠠᠭ᠎ᠠ ᠪᠠᠷ ᠳᠠᠯᠠᠪᠠᠢ ᠳᠤ ᠤᠷᠤᠵᠤ᠂ ᠲᠠᠯ᠎ᠠ ᠨᠤᠲᠤᠭ ᠤᠨ ᠠᠷᠠᠳ ᠲᠦᠮᠡᠨ ᠤ ᠦᠭᠡᠳᠡᠷᠡᠭ ᠠᠮᠢᠳᠤᠷᠠᠯ᠂ ᠣᠷᠭᠢᠯᠤᠮ᠎ᠠ ᠰᠡᠳᠬᠢᠯᠭᠡ ᠶᠢ ᠢᠯᠡᠷᠡᠭᠦᠯᠵᠦ᠂ ᠲᠠᠯ᠎ᠠ ᠨᠤᠲᠤᠭ ᠤᠨ ᠰᠣᠶᠣᠯ ᠤᠨ ᠥᠪᠡᠷᠮᠢᠴᠡ ᠤᠨᠴᠠᠯᠢᠭ  ᠢ ᠪᠦᠬᠦ ᠲᠠᠯ᠎ᠠ ᠪᠠᠷ ᠬᠠᠷᠠᠭᠤᠯᠤᠯ᠎ᠠ᠃      ᠨᠠᠭᠠᠳᠤᠮ ᠤᠨ 128 ᠬᠦᠴᠦᠳᠦ ᠪᠦᠬᠡ ᠶᠢᠨ ᠪᠠᠷᠢᠯᠳᠤᠭᠠᠨ ᠳᠤ᠂ ᠬᠦᠪᠡᠭᠡᠳᠦ ᠰᠢᠷ᠎ᠠ ᠬᠤᠰᠢᠭᠤᠨ ᠤ ᠨᠠᠷᠬᠢᠶ᠎ᠠ ᠳᠡᠷᠢᠬᠦᠯᠡᠨ᠂ ᠵᠢᠷᠦᠬᠡ ᠪᠠᠯᠭᠠᠰᠤᠨ ᠤ ᠰᠢᠵᠢᠷ ᠳᠡᠳ᠋ᠯᠡᠨ᠂ ᠦᠷᠭᠡᠨᠳᠡᠯ᠎ᠡ ᠪᠠᠯᠭᠠᠰᠤᠨ ᠤ ᠬᠤᠷᠸ᠎ᠠ᠂ ᠰᠠᠶᠢᠬᠠᠠᠠᠦ᠋ᠯᠵᠡᠢ ᠰᠤᠮᠤᠨ ᠤ ᠡᠷᠳᠡᠨᠢᠴᠤᠭᠳᠤ ᠭᠤᠷᠪᠠ ᠲᠦᠷᠪᠡᠳᠦᠭᠡᠷ ᠲᠤ ᠳᠡᠪᠢᠵᠡᠢ᠃      40 ᠭᠠᠵᠠᠷ ᠤᠨ ᠮᠤᠷᠢᠨ ᠤ ᠤᠷᠤᠯᠳᠤᠭᠠᠨ ᠳᠤ᠂ ᠦᠷᠭᠡᠨᠳᠡᠯ᠎ᠡ ᠪᠠᠯᠭᠠᠰᠤᠨ ᠤ ᠡᠷᠳᠡᠨᠢᠠᠤᠪᠤᠭ᠎ᠠ ᠭᠠᠴᠠᠭᠠᠨ ᠤ ᠠᠯᠲᠠᠨᠪᠠᠭᠠᠨ᠎ᠠ ᠶᠢᠨ ᠭᠡᠭᠡᠷ ᠮᠣᠷᠢ ᠦᠵᠦᠬᠦᠷ ᠲᠡᠷᠢᠬᠦᠨ ᠳᠤ ᠬᠤᠷᠳᠤᠯᠠᠵᠤ᠂ ᠰᠠᠩᠪᠤᠯᠠᠭ ᠰᠣᠮᠣᠨ ᠤ ᠪᠠᠶᠠᠨᠨᠠᠭᠤᠷ ᠭᠠᠴᠠᠭᠠᠨ ᠤ ᠪᠦᠷᠢᠨᠪᠠᠶᠠᠷ ᠤᠨ ᠬᠠᠷ᠎ᠠ ᠮᠤᠷᠢ ᠠᠮᠠᠨ ᠬᠦᠵᠦᠬᠦᠳᠡᠵᠦ᠂ ᠡᠷᠢᠶᠡᠨᠨᠠᠭᠤᠷ ᠰᠤᠮᠤᠨ ᠤ ᠵᠢᠪᠬᠤᠯᠠᠩᠳᠤ ᠭᠠᠴᠠᠭᠠᠨ ᠤ ᠦᠨᠡᠨᠰᠤᠶᠤᠯ ᠤᠨ ᠬᠠᠷ᠎ᠠ ᠬᠠᠯᠵᠠᠨ᠂ ᠰᠠᠶᠢᠬᠠᠠᠠᠦ᠋ᠯᠵᠡᠢ ᠰᠤᠮᠤᠨ ᠤ ᠨᠤᠭᠤᠭᠠᠨᠳᠠᠯ᠎ᠠ ᠭᠠᠴᠠᠭᠠᠨ ᠤ ᠴᠢᠩᠭᠦᠨᠵᠠᠪ ᠤᠨ ᠬᠡᠬᠡᠷ᠂ ᠰᠠᠩᠪᠤᠯᠠᠭ ᠰᠤᠮᠤᠨ ᠤ ᠰᠢᠨᠡᠪᠤᠯᠠᠭ ᠭᠠᠴᠠᠭᠠᠨ ᠤ ᠡᠯᠪᠡᠭᠪᠠᠶᠠᠷ ᠤᠨ ᠪᠤᠭᠤᠷᠤᠯ ᠮᠣᠷᠢ ᠠᠶᠢᠷᠠᠭ ᠤᠨ ᠳᠠᠪᠤ ᠳᠤ ᠬᠤᠷᠳᠤᠯᠠᠵᠠᠢ᠃      ᠰᠤᠷ ᠬᠠᠷᠪᠤᠯᠳᠠ ᠶᠢᠨ ᠤᠷᠤᠯᠳᠤᠭᠠᠨ ᠳᠤ ᠰᠥᠨᠢᠳ ᠵᠡᠭᠦᠨ ᠬᠤᠰᠢᠭᠤᠨ ᠤ ᠮᠥᠩᠬᠡᠲᠡᠮᠦᠷ ᠲᠡᠷᠢᠭᠦᠯᠡᠵᠦ᠂ ᠲᠤᠩᠭᠠᠯᠠᠭ ᠳᠡᠳ᠋ᠯᠡᠨ᠂ ᠦᠷᠭᠡᠨᠳᠡᠯ᠎ᠡ ᠪᠠᠯᠭᠠᠰᠤᠨ ᠤ ᠪᠠᠶᠠᠨᠴᠢᠯᠠᠭᠤ ᠭᠠᠴᠠᠭᠠᠨ ᠤ ᠬᠠᠳᠠᠪᠠᠭᠠᠲᠤᠷ᠂ ᠬᠠᠰᠪᠠᠭᠠᠲᠤᠷ ᠠᠬ᠎ᠠ ᠳᠡᠬᠦᠦ ᠬᠤᠶᠠᠭᠤᠯᠠ ᠭᠤᠷᠪᠠ ᠳᠥᠷᠪᠡᠳᠦᠭᠡᠷ ᠲᠤ ᠳᠤᠳᠤᠷᠠᠵᠠᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号