ᠰᠠᠶᠢᠬᠠᠠᠠᠦ᠋ᠯᠵᠡᠢ ᠰᠤᠮᠤ ︽ᠪᠤᠳᠠᠰ ᠤᠨ ᠪᠤᠰᠤ ᠰᠤᠶᠤᠯ ᠤᠨ ᠦᠪ ᠢ ᠤᠯᠠᠮᠵᠢᠯᠠᠨ ᠪᠠᠳᠠᠷᠠᠭᠤᠯᠵᠤ᠂ ᠪᠤᠯᠪᠠᠰᠤᠨ ᠦᠢᠯᠡᠳᠦᠯᠬᠡ ᠪᠠᠷ ᠭᠦᠭᠵᠢᠨ ᠮᠠᠨᠳᠤᠯᠳᠠ ᠶᠢ ᠠᠬᠢᠭᠤᠯᠬᠤ︾ ᠡᠮᠡᠭᠲᠡᠶᠢᠴᠦᠳ ᠤᠨ ᠦᠢᠯᠡᠰ ᠪᠦᠲᠦᠭᠡᠬᠦ ᠴᠢᠳᠠᠪᠤᠷᠢ ᠶᠢᠨ ᠰᠤᠷᠭᠠᠯᠳᠠ ᠶᠢᠨ ᠠᠩᠭᠢ ᠡᠷᠬᠢᠯᠡᠭᠰᠡᠨ
ᠨᠡᠶᠢᠲᠡᠯᠡᠭᠰᠡᠨ ᠴᠠᠭ᠄
2024/8/24
     ᠤᠶᠢᠷ᠎ᠠ ᠶᠢᠨ ᠡᠳᠦᠷ ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠶᠯᠡᠴᠢᠯᠡᠭᠡᠨ ᠤ ᠲᠥᠪ᠂ ᠰᠠᠶᠢᠬᠠᠠᠠᠦ᠋ᠯᠵᠡᠢ ᠰᠤᠮᠤ ᠬᠠᠮᠲᠤᠷᠠᠨ ︽ᠪᠤᠳᠠᠰ ᠤᠨ ᠪᠤᠰᠤ ᠰᠤᠶᠤᠯ ᠤᠨ ᠦᠪ ᠢ ᠤᠯᠠᠮᠵᠢᠯᠠᠨ ᠪᠠᠳᠠᠷᠠᠭᠤᠯᠵᠤ᠂ ᠪᠤᠯᠪᠠᠰᠤᠨ ᠦᠢᠯᠡᠳᠦᠯᠬᠡ ᠪᠠᠷ ᠭᠦᠭᠵᠢᠨ ᠮᠠᠨᠳᠤᠯᠳᠠ ᠶᠢ ᠠᠬᠢᠭᠤᠯᠬᠤ︾ ᠡᠮᠡᠭᠲᠡᠶᠢᠴᠦᠳ ᠤᠨ ᠦᠢᠯᠡᠰ ᠪᠦᠲᠦᠭᠡᠬᠦ ᠴᠢᠳᠠᠪᠤᠷᠢ ᠶᠢᠨ ᠰᠤᠷᠭᠠᠯᠳᠠ ᠶᠢᠨ ᠠᠩᠭᠢ ᠡᠷᠭᠢᠯᠡᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠼᠦᠩ ᠮᠧᠢ ᠨᠠᠷ ᠠᠵᠢᠯᠯᠠᠭ᠎ᠠ ᠳᠤ ᠤᠷᠤᠯᠴᠠᠪᠠ᠃ ᠰᠤᠷᠭᠠᠯᠳᠠ ᠳᠤ᠂ ᠰᠠᠶᠢᠬᠠᠨ᠋ᠦ᠌ᠯᠵᠡᠶ ᠰᠤᠮᠤᠨ ᠤ ᠳᠤᠷᠤᠮ ᠭᠠᠴᠠᠭᠠᠨ ᠤ ᠮᠠᠯᠴᠢᠨ ᠠᠷᠰᠯᠠᠨ᠂ ᠪᠠᠶᠠᠨᠬᠠᠷᠠᠭᠠᠳᠤ ᠭᠠᠴᠠᠭᠠᠨ ᠤ ᠮᠠᠯᠴᠢᠨ ᠰᠠᠷᠠᠨᠲᠤᠶᠠᠭ᠎ᠠ᠂ ᠨᠣᠭᠤᠭᠠᠨᠲᠠᠯ᠎ᠠ ᠭᠠᠴᠠᠭᠠᠨ ᠤ ᠮᠠᠯᠴᠢᠨ ᠤᠶᠤᠳᠠᠢ ᠶᠢ ᠤᠷᠢᠵᠤ᠂ ᠲᠤᠬᠠᠶ  ᠶᠢᠨ ᠲᠠᠯᠠᠪᠠᠶ ᠳᠤ ᠤᠯᠠᠮᠵᠢᠯᠠᠯᠲᠤ ︽ᠪᠣᠷᠣ ᠢᠳᠡᠭᠡ︾ ᠬᠠᠭᠠᠷᠢᠵᠤ᠂ ᠳᠠᠪᠠᠭᠯᠠᠵᠤ ᠵᠠᠰᠠᠬᠤ ᠪᠠ ᠰᠢᠷ᠎ᠠ ᠳᠤᠰᠤᠨ ᠤ ᠪᠤᠭᠤᠷᠰᠤᠭ ᠬᠢᠬᠦ ᠠᠷᠭ᠎ᠠ ᠮᠡᠷᠭᠡᠵᠢᠯ ᠢ ᠵᠢᠭᠠᠵᠤ ᠦᠵᠡᠬᠦᠯᠦᠨ᠂ ᠪᠥᠬᠦ ᠰᠤᠮᠤᠨ ᠤ 100 ᠭᠠᠷᠤᠶ ᠡᠮᠡᠭᠲᠡᠶᠢᠴᠦᠳ ᠰᠤᠷᠭᠠᠯᠳᠠ ᠳᠤ ᠣᠷᠣᠯᠴᠠᠪᠠ᠃ ᠠᠵᠢᠯᠯᠠᠭ᠎ᠠ ᠳᠤ᠂ ᠪᠠᠭᠰᠢ ᠨᠠᠷ ᠲᠦᠭᠦᠬᠡᠶ ᠮᠠᠲ᠋ᠧᠷᠢᠶᠠᠯ ᠤᠨ ᠬᠠᠷᠢᠴᠠᠯ᠂ ᠭᠤᠯᠢᠷ᠂ ᠢᠰᠬᠡᠬᠦ ᠵᠡᠷᠭᠡ ᠦᠶᠯᠡᠳᠬᠦ ᠶᠠᠪᠤᠴᠠ ᠶᠢ ᠨᠠᠷᠢᠨ ᠳᠠᠶᠢᠯᠪᠤᠷᠢᠯᠠᠨ᠂ ᠰᠤᠷᠭᠠᠯᠳᠠ ᠳᠤ ᠤᠷᠤᠯᠴᠠᠭᠰᠠᠳ ᠤᠯᠠᠮᠵᠢᠯᠠᠯᠳᠤ ᠪᠠ ᠤᠳᠤ ᠦᠶ᠎ᠡ ᠶᠢᠨ ᠪᠤᠤᠪᠤ ᠪᠤᠭᠤᠷᠰᠤᠭ ᠢ ᠪᠡᠶᠡᠴᠢᠯᠡᠨ ᠬᠢᠵᠦ ᠦᠵᠡᠨ᠂ ᠪᠠᠭᠰᠢ ᠶᠢᠨ ᠮᠡᠷᠭᠡᠵᠢᠯ ᠳᠤᠷᠰᠢᠯᠭ᠎ᠠ ᠶᠢ ᠰᠤᠷᠴᠤ ᠳᠤᠭᠳᠠᠭᠠᠬᠤ ᠶᠢ ᠬᠢᠴᠢᠶᠡᠨ᠎ᠡ᠃      ᠠᠵᠢᠯᠯᠠᠭᠠᠨ ᠤ ᠡᠴᠦᠰ ᠲᠤ ᠪᠥᠬᠦ ᠰᠤᠷᠭᠠᠯᠳᠠ ᠳᠤ ᠤᠷᠤᠯᠴᠠᠭᠰᠠᠳ ᠲᠤ ᠰᠤᠷᠤᠯᠭ᠎ᠠ ᠲᠡᠭᠦᠰᠦᠭᠰᠡᠨ ᠦᠨᠡᠮᠯᠡᠯ ᠣᠯᠭᠤᠭᠰᠠᠨ ᠤ ᠬᠠᠮᠲᠤ ᠨᠠᠶᠮᠠᠨ ᠰᠢᠯᠢᠳᠡᠭ ᠰᠣᠷᠣᠭᠴᠢ ᠶᠢ ᠬᠥᠬᠢᠭᠦᠯᠦᠨ ᠰᠠᠶᠢᠰᠢᠶᠠᠵᠤ᠂ ᠲᠠᠰᠤᠷᠠᠯᠲᠠ ᠥᠬᠡᠶ ᠤᠷᠤᠭᠰᠢᠯᠠᠨ ᠳᠡᠪᠰᠢᠵᠦ᠂ ᠨᠠᠩ ᠣᠯᠠᠨ ᠰᠢᠨ᠎ᠡ ᠤᠷ᠎ᠠ ᠴᠢᠳᠠᠪᠤᠷᠢ ᠡᠵᠡᠮᠰᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠦᠰᠡᠭᠦᠶᠢᠴᠦᠳ ᠤᠨ ᠬᠦᠴᠦᠨ ᠴᠢᠳᠠᠯ ᠢᠶᠠᠨ ᠡᠷᠭᠦᠬᠦ ᠶᠢ ᠵᠣᠷᠢᠭᠵᠢᠭᠤᠯᠪᠠ᠃      ᠰᠤᠷᠭᠠᠯᠳᠠ ᠪᠠᠷ ᠳᠡᠮᠵᠢᠨ᠂ ᠥᠷᠭᠡᠨ ᠣᠯᠠᠨ ᠡᠮᠡᠭᠲᠡᠶᠢᠴᠦᠳ ᠤᠨ ︽ᠪᠣᠳᠠᠰ ᠤᠨ ᠪᠤᠰᠤ ᠰᠣᠶᠣᠯ ᠤᠨ ᠥᠪ︾ ᠢ ᠤᠯᠠᠮᠵᠢᠯᠠᠨ ᠵᠠᠯᠭᠠᠮᠵᠢᠯᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠤᠯᠠᠮᠵᠢᠯᠠᠯᠲᠤ ᠰᠤᠶᠤᠯ ᠢᠶᠠᠨ ᠬᠠᠮᠠᠭᠠᠯᠠᠨ ᠬᠦᠭᠵᠢᠬᠦᠯᠬᠦ ᠶᠢ ᠠᠬᠢᠭᠤᠯᠪᠠ᠃ ᠰᠤᠷᠭᠠᠯᠳᠠ ᠳᠤ ᠤᠷᠤᠯᠴᠠᠭᠰᠠᠳ᠂ ᠳᠤᠰ ᠤᠳᠠᠭᠠᠨ ᠤ ᠰᠤᠷᠭᠠᠯᠳᠠ ᠪᠠᠷ ᠳᠠᠮᠵᠢᠨ ᠤᠷ᠎ᠠ ᠮᠡᠷᠭᠡᠵᠢᠯ ᠢᠶᠠᠨ ᠳᠡᠭᠡᠭᠰᠢᠯᠡᠬᠦᠯᠦᠭᠰᠡᠨ ᠢᠶᠠᠷ ᠪᠠᠷᠠᠬᠤ ᠥᠬᠡᠶ ᠪᠠᠰᠠ ᠰᠡᠳᠬᠢᠴᠡ ᠪᠠᠨ ᠥᠷᠭᠡᠳᠬᠡᠭᠰᠡᠨ ᠪᠠᠶᠢᠨ᠎ᠠ᠂ ᠰᠣᠷᠣᠭᠰᠠᠨ ᠤᠷ᠎ᠠ ᠮᠡᠷᠭᠡᠵᠢᠯ ᠢᠶᠠᠨ ᠪᠣᠳᠠᠲᠠᠶ ᠠᠮᠢᠳᠤᠷᠠᠯ ᠦᠶᠯᠡᠳᠪᠦᠷᠢᠯᠡᠯ ᠳᠤ ᠪᠠᠨ ᠬᠡᠷᠡᠭᠯᠡᠵᠦ᠂ ᠤᠷ᠎ᠠ ᠴᠢᠳᠠᠪᠤᠷᠢ  ᠪᠠᠨ ᠤᠯᠠᠮ ᠰᠢᠯᠢᠳᠡᠭᠵᠢᠬᠦᠯᠬᠦ ᠪᠠ ᠤᠷᠤᠯᠭ᠎ᠠ ᠪᠠᠨ ᠨᠡᠮᠡᠭᠳᠡᠬᠦᠯᠦᠨ ᠳᠡᠷᠭᠡᠳᠡᠬᠢ ᠬᠦᠮᠦᠰ ᠢᠶᠠᠨ ᠳᠠᠶᠢᠴᠢᠯᠠᠬᠤ ᠬᠠᠷᠠᠯᠳᠠ ᠶᠢ ᠵᠡᠷᠭᠡᠪᠡᠷ ᠪᠡᠶᠡᠯᠡᠬᠦᠯᠬᠦ ᠪᠤᠯᠤᠨ᠎ᠠ ᠭᠡᠵᠦ ᠢᠯᠡᠷᠭᠡᠶᠢᠯᠡᠵᠡᠬᠡᠵᠡᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号