ᠬᠤᠰᠢᠭᠤ ᠨᠠᠮ ᠤᠨ ᠬᠤᠷᠢᠶᠠᠨ ᠤ ᠤᠨᠤᠯ ᠤᠨ ᠰᠤᠷᠤᠯᠴᠠᠭᠠᠨ ᠤ ᠭᠤᠤᠯ ᠳᠤᠭᠤᠶᠢᠯᠠᠩ 14 ᠳ᠋ᠦ᠋ᠭᠡᠷ ᠤᠳᠠᠭᠠᠨ ᠤ  ︵ᠥᠷᠭᠡᠳᠬᠡᠭᠰᠡᠨ︶  ᠰᠤᠷᠤᠯᠴᠠᠯᠭ᠎ᠠ ᠶᠢᠨ ᠬᠤᠷᠠᠯ ᠵᠢᠴᠢ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠬᠢᠯᠡᠭᠰᠡᠨ
ᠨᠡᠶᠢᠲᠡᠯᠡᠭᠰᠡᠨ ᠴᠠᠭ᠄
2024/8/24
     8 ᠰᠠᠷ᠎ᠠ ᠶᠢᠨ 23 ᠤ ᠡᠳᠦᠷ᠂ ᠬᠤᠰᠢᠭᠤ ᠨᠠᠮ ᠤᠨ ᠬᠤᠷᠢᠶᠠᠨ ᠤ ᠤᠨᠤᠯ ᠤᠨ ᠰᠤᠷᠤᠯᠴᠠᠭᠠᠨ ᠤ ᠭᠤᠤᠯ ᠳᠤᠭᠤᠶᠢᠯᠠᠩ 14 ᠳ᠋ᠦ᠋ᠭᠡᠷ ᠤᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠵᠢᠴᠢ ︽ᠰᠢ ᠶᠢᠨ ᠫᠢᠩ  ᠤᠨ ᠰᠣᠶᠣᠯ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠵᠤ ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠡᠮᠳᠡᠭ  ᠢ ᠬᠦᠴᠦᠯᠡᠨ ᠪᠤᠢ ᠪᠤᠯᠭᠠᠬᠤ︾ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠬᠢᠯᠡᠵᠡᠢ᠃      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠸᠠᠩ ᠵᠠᠨ ᠴᠢ ᠪᠤᠯᠪᠠᠰᠤᠷᠠᠯ ᠤᠨ ᠠᠩᠭᠢ ᠶᠢ ᠡᠷᠬᠢᠯᠡᠬᠦ ᠶᠢᠨ ᠬᠠᠮᠳᠤ ᠵᠢᠭᠠᠭᠰᠠᠨ ᠨᠢ᠂ ᠲᠣᠰ ᠤᠳᠠᠭᠠᠨ ᠤ ᠪᠣᠯᠪᠠᠰᠤᠷᠠᠯ ᠤᠨ ᠠᠭᠤᠯᠭ᠎ᠠ ᠪᠣᠯ ᠤᠯᠠᠭᠠᠨᠮᠥ᠋ᠴᠢᠷ ᠤᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠤᠨ ᠬᠤᠶᠠᠳᠤᠭᠠᠷ ᠬᠤᠭᠤᠴᠠᠭᠠᠨ ᠤ ᠭᠤᠤᠯ ᠴᠣᠭᠴᠠ ᠶᠢᠨ ᠠᠩᠭᠢ ᠶᠢᠨ ᠴᠢᠬᠤᠯᠠ ᠰᠤᠷᠤᠯᠴᠠᠬᠤ ᠠᠭᠤᠯᠭ᠎ᠠ ᠪᠠᠶᠢᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠦᠶᠯᠡᠳᠦᠯᠭᠡᠵᠢᠭᠦᠯᠵᠦ᠂ ᠰᠢᠨ᠎ᠡ ᠴᠠᠭ ᠦᠶ᠎ᠡ ᠶᠢᠨ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ  ᠶᠢ ᠠᠬᠢᠭᠤᠯᠵᠤ᠂ ᠪᠦᠲᠦᠭᠡᠯᠴᠢ ᠴᠢᠨᠠᠷᠲᠠᠶ ᠤᠯᠠᠷᠢᠭᠤᠯᠬᠤ ᠶᠢ ᠪᠡᠶᠡᠯᠡᠭᠦᠯᠵᠦ᠂ ᠰᠢᠨ᠎ᠡ ᠶᠢ ᠡᠭᠦᠳᠦᠨ ᠬᠦᠭᠵᠢᠬᠦᠯᠬᠦ ᠳᠤ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠃ ᠤᠯᠠᠨ ᠢᠶᠠᠷ ᠢᠶᠠᠨ ᠰᠡᠳᠬᠢᠯ ᠲᠠᠯᠪᠢᠨ ᠰᠣᠨᠣᠰᠴᠤ᠂ ᠨᠠᠷᠢᠨ ᠬᠢᠨᠠᠮᠠᠭᠠᠢ ᠳᠤᠤᠱᠠᠳᠠᠢ ᠣᠶᠢᠯᠠᠭᠠᠬᠤ ᠶᠢ ᠬᠦᠰᠡᠵᠦ ᠪᠠᠶᠢᠨ᠎ᠠ ᠬᠡᠵᠡᠢ᠃      ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠠᠷᠤᠭ᠎ᠠ᠂ ᠥᠪᠥᠷ ᠮᠣᠩᠭᠤᠯ ᠤᠨ ᠤᠳᠬ᠎ᠠ ᠤᠷᠠᠯᠢᠭ ᠤᠨ ᠰᠢᠭᠦᠮᠵᠢᠯᠡᠭᠴᠢ ᠶᠢᠨ ᠨᠡᠶᠢᠭᠡᠮᠯᠢᠭ ᠤᠨ ᠳᠡᠳ᠋ ᠲᠡᠷᠢᠭᠦᠯᠡᠭᠴᠢ᠂ ᠰᠤᠳᠤᠯᠤᠭᠴᠢ ᠪᠤᠤ ᠶᠢᠨ ᠱᠠᠨ ᠢ ᠤᠷᠢᠵᠤ ︽ᠰᠢ ᠶᠢᠨ ᠫᠢᠩ ᠤᠨ ᠰᠣᠶᠣᠯ ᠤᠨ ᠦᠵᠡᠯ ᠰᠠᠨᠠᠭᠠᠨ ᠤ ᠪᠠᠶᠠᠯᠢᠭ ᠠᠭᠤᠯᠤᠭᠳᠠᠬᠤᠨ ᠪᠠ ᠢᠯᠡ ᠲᠣᠳᠣ ᠣᠨᠴᠠᠯᠢᠭ ᠢ ᠭᠦᠨᠵᠡᠭᠡᠶ ᠰᠤᠷᠤᠯᠴᠠᠨ ᠡᠵᠡᠮᠰᠢᠵᠦ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠠᠷ ᠦᠨᠳᠦᠰᠦᠨ ᠵᠢᠷᠤᠮᠯᠠᠯ ᠪᠣᠯᠭᠠᠨ ᠤᠮᠠᠷᠠᠲᠤ ᠶᠢᠨ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢ ᠬᠦᠴᠦᠯᠡᠨ ᠪᠣᠶ ᠪᠣᠯᠭᠠᠶ᠎ᠠ︾ ᠭᠡᠬᠦ ᠰᠡᠳᠦᠪ ᠢᠶᠠᠷ ᠲᠤᠰᠬᠠᠶ ᠰᠡᠳᠦᠪᠲᠦ ᠬᠠᠪᠰᠤᠷᠤᠨ ᠵᠢᠯᠣᠭᠤᠳᠣᠯᠭ᠎ᠠ ᠬᠢᠯᠭᠡᠪᠡ᠃ ᠪᠦᠬᠦᠶᠢᠯᠡ ᠪᠣᠯᠪᠠᠰᠤᠷᠠᠯ ᠨᠢ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠤᠯᠠᠮ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠣᠶᠢᠯᠠᠭᠠᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠬᠡᠷᠬᠢᠨ ᠪᠦᠬᠦ ᠲᠠᠯ᠎ᠠ ᠪᠠᠷ᠂ ᠭᠦᠨ ᠳᠠᠪᠬᠤᠷᠭ᠎ᠠ ᠠᠴᠠ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠴᠣᠭᠴᠠᠯᠠᠬᠤ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠬᠤ ᠲᠤᠬᠠᠢ ᠭᠦᠨᠵᠡᠭᠡᠢ ᠪᠥᠭᠡᠳ ᠣᠶᠢᠯᠠᠭᠠᠮᠵᠢᠲᠠᠢ᠂ ᠪᠦᠬᠦ ᠲᠠᠯ᠎ᠠ ᠪᠠᠷ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠣᠯ ᠰᠢᠨ᠎ᠡ ᠴᠠᠭ ᠦᠶ᠎ᠡ ᠶᠢᠨ ᠨᠠᠮ ᠤᠨ ᠰᠣᠶᠣᠯ ᠤᠨ ᠪᠠᠶᠢᠭᠤᠯᠤᠯᠲᠠ ᠶᠢ ᠤᠳᠤᠷᠢᠳᠬᠤ ᠦᠢᠯᠡᠳᠦᠯᠭᠡ ᠶᠢᠨ ᠲᠤᠷᠰᠢᠯᠭ᠎ᠠ ᠶᠢᠨ ᠤᠨᠤᠯ  ᠤᠨ ᠳ᠋ᠦᠩᠨᠡᠯᠲᠡ ᠮᠥᠨ᠂ ᠮᠠᠷᠺᠰ ᠤᠨ ᠦᠵᠡᠯ ᠤᠨ ᠰᠣᠶᠣᠯ ᠤᠨ ᠤᠨᠤᠯ ᠤᠨ ᠪᠠᠶᠠᠯᠢᠭᠵᠢᠭᠤᠯᠤᠯᠲᠠ ᠪᠠ ᠬᠥᠭᠵᠢᠯᠲᠡ ᠮᠥᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠣᠶᠣᠯ ᠤᠨ ᠬᠠᠭᠤᠳᠠᠰᠤ ᠮᠥᠨ ᠭᠡᠵᠦ ᠴᠢᠬᠤᠯᠠᠴᠢᠯᠠᠪᠠ᠃      ᠬᠤᠰᠢᠭᠤ ᠨᠠᠮ ᠤᠨ ᠬᠤᠷᠢᠶᠠᠨ ᠤ ᠣᠨᠣᠯ ᠤᠨ ᠰᠣᠷᠤᠯᠴᠠᠭᠠᠨ ᠤ ᠭᠤᠤᠯ ᠳᠤᠭᠤᠶᠢᠯᠠᠩ ᠤᠨ ᠪᠦᠷᠢᠯᠳᠦᠬᠦᠨ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠤᠬᠠᠭᠤᠯᠬᠤ ᠭᠡᠰᠢᠭᠦᠨ᠂ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ᠂ ᠪᠥᠬᠦ ᠬᠤᠰᠢᠭᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ  ᠤᠨ ᠺᠠᠳ᠋ᠷ ᠠᠵᠢᠯᠲᠠᠨ ᠬᠤᠷᠠᠯ ᠳᠤ ᠣᠷᠣᠯᠴᠠᠪᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号