ᠮᠠᠨ ᠤ ᠬᠤᠰᠢᠭᠤ ᠭᠠᠳᠠᠭᠠᠳᠤ ᠤᠬᠠᠭᠤᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠬᠢᠯᠡᠵᠦ ᠰᠤᠷᠳᠠᠯ ᠤᠬᠠᠭᠤᠯᠭ᠎ᠠ ᠶᠢᠨ ᠡᠩᠨᠡᠭᠡᠨ ᠤ ᠶᠡᠷᠦᠩᠬᠡᠶᠢᠯᠡᠭᠰᠡᠨ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2024/8/24
     ᠮᠠᠨ ᠤ ᠬᠤᠰᠢᠭᠤᠨ ᠤ ᠭᠠᠳᠠᠭᠠᠳᠤ ᠤᠬᠠᠭᠤᠯᠭ᠎ᠠ ᠶᠢᠨ ᠡᠩᠨᠡᠭᠡᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠳᠠᠯ ᠤᠬᠠᠭᠤᠯᠭ᠎ᠠ ᠶᠢᠨ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 8 ᠰᠠᠷ᠎ᠠ ᠶᠢᠨ 22 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤ ᠨᠠᠮ ᠤᠨ ᠰᠤᠷᠭᠠᠭᠤᠯᠢ ᠬᠠᠮᠲᠤᠷᠠᠨ ᠭᠠᠳᠠᠭᠠᠳᠤ ᠤᠬᠠᠭᠤᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠬᠢᠯᠡᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠼᠦᠩ ᠮᠧᠢ ᠬᠤᠷᠠᠯ ᠳᠤ ᠣᠷᠣᠯᠴᠠᠵᠠᠢ᠃      ᠼᠦᠩ ᠮᠧᠢ ᠢᠯᠡᠷᠬᠡᠶᠢᠯᠡᠬᠦ ᠳᠡᠭᠡᠨ᠂ ᠭᠠᠳᠠᠭᠠᠳᠤ ᠤᠬᠠᠭᠤᠯᠭ᠎ᠠ ᠶᠢᠨ ᠠᠵᠢᠯ ᠪᠣᠯ ᠪᠦᠬᠦ ᠬᠤᠰᠢᠭᠤᠨ ᠤ ᠳᠦᠷᠢ ᠲᠥᠷᠬᠦ ᠶᠢ ᠳᠡᠯᠭᠡᠨ ᠦᠵᠡᠭᠦᠯᠬᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠪᠠᠷᠢᠯ ᠮᠥᠨ᠃ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠰᠢᠨ᠎ᠡ ᠪᠠᠶᠢᠳᠠᠯ ᠳᠣᠣᠷᠠᠬᠢ ᠤᠬᠠᠭᠤᠯᠭ᠎ᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠰᠢᠪᠲᠤᠯᠤᠯᠲᠠ ᠶᠢᠨ ᠴᠡᠭ ᠢ ᠣᠨᠣᠪᠴᠢᠲᠠᠢ ᠡᠷᠢᠵᠦ ᠭᠠᠳᠠᠭᠠᠳᠤ ᠤᠬᠠᠭᠤᠯᠭ᠎ᠠ ᠶᠢᠨ ᠠᠵᠢᠯ ᠢᠶᠠᠨ ᠴᠢᠩᠭᠠᠳᠬᠠᠵᠤ᠂ ︽ᠬᠤᠪᠢ ᠶᠢᠨ ᠵᠠᠭᠤᠴᠢᠯᠠᠭᠤᠷ ᠤᠨ ᠴᠠᠭ ᠦᠶ᠎ᠡ︾ ᠳᠤ ᠰᠥᠨᠢᠳ ᠪᠠᠷᠠᠭᠤᠨ ᠬᠤᠰᠢᠭᠤᠨ ᠤ ᠦᠯᠢᠭᠡᠷ ᠢ ᠪᠦᠬᠦ ᠬᠦᠴᠦᠨ ᠢᠶᠠᠷ ᠢᠶᠠᠨ ᠰᠠᠶᠢᠲᠤᠷ ᠶᠠᠷᠢᠵᠤ᠂ ᠵᠦᠪ ᠡᠨᠧᠷᠬᠢ ᠶᠢ ᠤᠯᠠᠮᠵᠢᠯᠠᠵᠤ᠂ ᠰᠢᠨ᠎ᠡ ᠳᠦᠷᠢ ᠲᠥᠷᠬᠦ ᠶᠢ ᠪᠣᠢ ᠪᠣᠯᠭᠠᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠺᠠᠳ᠋ᠷ ᠤᠨ ︽ᠳᠥᠷᠪᠡᠨ ᠬᠦᠴᠦᠨ︾ ᠢ ᠯᠠᠪᠳᠠᠭᠤᠨ ᠪᠠᠲᠤᠲᠠᠢ ᠳᠠᠪᠲᠠᠨ ᠪᠣᠯᠪᠠᠰᠤᠷᠠᠭᠤᠯᠬᠤ ᠬᠡᠷᠡᠭᠲᠡᠢ᠃ ᠦᠨᠳᠦᠰᠦᠨ ᠱᠠᠲᠤᠨ ᠳᠤ ᠭᠦᠨᠵᠡᠭᠡᠶᠢᠷᠡᠨ᠂ ᠶᠡᠭᠡ ᠬᠠᠨᠳᠤᠰᠢ ᠶᠢ ᠳᠠᠭᠠᠵᠤ᠂ ᠰᠤᠷᠤᠯᠴᠠᠯᠭ᠎ᠠ ᠪᠠᠨ ᠴᠢᠩᠭᠠᠳᠬᠠᠨ᠂ ᠰᠣᠳᠣᠨ ᠪᠦᠲᠦᠭᠡᠯ ᠪᠦᠲᠦᠭᠡᠵᠦ᠂ ᠮᠠᠨ ᠤ ᠬᠤᠰᠢᠭᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠬᠦ ᠬᠡᠷᠡᠭᠲᠡᠢ ᠭᠡᠵᠡᠢ᠃      ᠪᠣᠯᠪᠠᠰᠤᠷᠠᠯ ᠳᠤ ᠰᠢᠨᠬᠤᠸᠠ ᠬᠤᠷᠢᠶᠠᠨ ᠤ ᠥᠪᠥᠷ ᠮᠣᠩᠭᠤᠯ ᠳᠠᠬᠢ ᠬᠤᠪᠢᠶᠠᠷᠢ ᠬᠤᠷᠢᠶ᠎ᠠ ᠶᠢᠨ ᠳᠠᠭᠤ ᠸᠢᠳᠢᠣ᠋ ᠬᠡᠯᠲᠡᠰ ᠤᠨ ᠡᠷᠬᠢᠯᠡᠭᠴᠢ᠂ ᠲᠥᠪ ᠤᠨ ᠤᠬᠠᠭᠤᠯᠬᠤ ᠬᠡᠯᠲᠡᠰ ᠤᠨ ᠴᠠᠭᠠᠨ ᠰᠠᠷ᠎ᠠ ᠶᠢᠨ ᠦᠨᠳᠦᠰᠦᠨ ᠱᠠᠲᠤᠨ ᠳᠤ ᠭᠦᠨᠵᠡᠭᠡᠶᠢᠷᠡᠭᠰᠡᠨ ᠲᠡᠷᠢᠭᠦᠨ ᠤ ᠬᠤᠪᠢ ᠬᠥᠮᠦᠨ ᠫᠧᠩ ᠶᠤᠸᠠᠨ ᠪᠠᠭᠰᠢ ᠶᠢ ᠣᠨᠴᠠ ᠤᠷᠢᠵᠤ᠂ ᠵᠠᠭᠤᠴᠢᠯᠠᠭᠤᠷ ᠤᠨ ᠴᠠᠭ ᠦᠶ᠎ᠡ ᠶᠢᠨ ᠰᠢᠨᠬᠤᠸᠠ ᠬᠤᠷᠢᠶᠠᠨ ᠤ ᠰᠣᠨᠢᠨ ᠮᠡᠳᠡᠭᠡᠨ ᠤ ᠪᠣᠳᠠᠲᠤ ᠬᠡᠷᠡᠭ ᠤᠨ ᠵᠢᠱᠢᠶ᠎ᠡ ᠶᠢ ᠵᠠᠳᠠᠯᠬᠤ ᠪᠠᠷ ᠭᠠᠷᠳᠠᠴᠠ ᠪᠣᠯᠭᠠᠵᠤ᠂ ᠰᠢᠨᠬᠤᠸᠠ ᠬᠤᠷᠢᠶᠠᠨ ᠤ ᠮᠡᠳᠡᠭᠡᠯᠡᠯ ᠤᠨ ᠴᠢᠭᠯᠡᠯᠲᠡ᠂ ᠠᠭᠤᠯᠭ᠎ᠠ ᠪᠣᠯᠤᠨ ᠣᠨᠴᠠᠯᠢᠭ ᠲᠠᠢ ᠤᠶᠠᠯᠳᠤᠭᠤᠯᠤᠨ᠂ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠵᠤ᠂ ᠭᠠᠳᠠᠭᠠᠳᠤ ᠤᠬᠠᠭᠤᠯᠭ᠎ᠠ ᠶᠢᠨ ᠠᠵᠢᠯ ᠤᠨ ᠬᠠᠮᠤᠭ ᠤᠨ ᠰᠢᠨ᠎ᠡ ᠪᠠᠶᠢᠳᠠᠯ ᠪᠣᠯᠤᠨ ᠬᠠᠨᠳᠤᠰᠢ ᠵᠢᠴᠢ ᠬᠡᠷᠬᠢᠨ ᠪᠣᠳᠠᠲᠠᠢ ᠠᠵᠢᠯ ᠤᠨ ᠳᠤᠮᠳᠠ ᠤᠬᠠᠭᠤᠯᠭ᠎ᠠ ᠶᠢᠨ ᠭᠤᠣᠯᠳᠠᠯᠭ᠎ᠠ ᠶᠢ ᠡᠵᠡᠮᠳᠡᠵᠦ᠂ ᠤᠬᠠᠭᠤᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠬᠦᠯᠬᠦ ᠲᠤᠬᠠᠢ ᠶᠠᠷᠢᠪᠠ᠃ ᠪᠣᠯᠪᠠᠰᠤᠷᠠᠯ ᠳᠤ ᠤᠷᠤᠯᠴᠠᠭᠰᠠᠳ ᠨᠠᠷᠢᠨ ᠬᠢᠨᠠᠮᠠᠭᠠᠢ ᠰᠣᠨᠣᠰᠴᠤ᠂ ᠲᠤᠬᠠᠢ ᠶᠢᠨ ᠲᠠᠯᠠᠪᠠᠢ ᠶᠢᠨ ᠰᠤᠷᠤᠯᠴᠠᠯᠭ᠎ᠠ ᠶᠢᠨ ᠠᠭᠤᠷ ᠠᠮᠢᠰᠬᠤᠯ ᠭᠦᠨ ᠵᠤᠵᠠᠭᠠᠨ ᠪᠠᠶᠢᠯ᠎ᠠ᠃      ᠲᠤᠰ ᠤᠳᠠᠭᠠᠨ ᠤ ᠪᠣᠯᠪᠠᠰᠤᠷᠠᠭᠤᠯᠤᠯ ᠨᠢ ᠰᠢᠨ᠎ᠡ ᠴᠠᠭ ᠦᠶ᠎ᠡ ᠶᠢᠨ ᠭᠠᠳᠠᠭᠠᠳᠤ ᠤᠬᠠᠭᠤᠯᠭ᠎ᠠ ᠶᠢᠨ ᠠᠵᠢᠯ ᠤᠨ ᠱᠠᠭᠠᠷᠳᠠᠯᠭ᠎ᠠ ᠶᠢᠨ ᠲᠣᠭᠤᠷᠢᠨ ᠳᠤ᠂ ᠣᠨᠣᠯ ᠤᠨ ᠰᠤᠷᠤᠯᠴᠠᠯᠭ᠎ᠠ᠂ ᠬᠡᠷᠡᠭ ᠤᠨ ᠵᠢᠱᠢᠶ᠎ᠡ ᠶᠢᠨ ᠵᠠᠳᠠᠯᠤᠯᠲᠠ ᠵᠡᠷᠭᠡ ᠶᠢ ᠬᠠᠮᠤᠷᠴᠤ᠂ ᠠᠭᠤᠯᠭ᠎ᠠ ᠨᠢ ᠪᠠᠶᠠᠯᠢᠭ᠂ ᠬᠠᠨᠳᠤᠯᠭᠠᠲᠤ ᠴᠢᠨᠠᠷ ᠢᠶᠠᠷ ᠴᠢᠩᠭ᠎ᠠ ᠪᠠᠶᠢᠵᠦ᠂ ᠪᠦᠬᠦ ᠬᠤᠰᠢᠭᠤᠨ ᠤ ᠤᠬᠠᠭᠤᠯᠭ᠎ᠠ ᠶᠢᠨ ᠠᠵᠢᠯᠲᠠᠨ ᠳᠤ ᠰᠤᠷᠤᠯᠴᠠᠵᠤ ᠰᠣᠯᠢᠯᠴᠠᠬᠤ ᠲᠠᠪᠴᠠᠩ ᠬᠠᠩᠭᠠᠭᠰᠠᠨ ᠢᠶᠠᠷ ᠪᠠᠷᠠᠬᠤ ᠦᠭᠡᠢ᠂ ᠪᠦᠬᠦ ᠬᠤᠰᠢᠭᠤᠨ ᠤ ᠭᠠᠳᠠᠭᠠᠳᠤ ᠤᠬᠠᠭᠤᠯᠭ᠎ᠠ ᠶᠢᠨ ᠠᠵᠢᠯ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠲᠡᠢ ᠤᠬᠠᠭᠤᠯᠭ᠎ᠠ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ᠃ ᠣᠯᠠᠨ ᠢᠶᠠᠷ ᠢᠶᠠᠨ᠂ ᠪᠣᠯᠪᠠᠰᠤᠷᠠᠯ ᠢᠶᠠᠷ ᠳᠠᠮᠵᠢᠨ ᠥᠪᠡᠷ ᠤᠨ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢᠶᠠᠨ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠬᠠᠷᠠᠭ᠎ᠠ ᠪᠠᠨ ᠥᠷᠭᠡᠳᠬᠡᠵᠦ᠂ ᠭᠠᠳᠠᠭᠠᠳᠤ ᠤᠬᠠᠭᠤᠯᠭ᠎ᠠ ᠶᠢᠨ ᠠᠵᠢᠯ ᠢ ᠰᠠᠶᠢᠲᠤᠷ ᠬᠢᠬᠦ ᠢᠲᠡᠭᠡᠯ ᠵᠣᠷᠢᠭ ᠢ ᠨᠡᠮᠡᠭᠳᠡᠭᠦᠯᠵᠦ᠂ ᠰᠥᠨᠢᠳ ᠪᠠᠷᠠᠭᠤᠨ ᠬᠤᠰᠢᠭᠤᠨ ᠤ ᠦᠯᠢᠭᠡᠷ ᠢ ᠪᠦᠬᠦ ᠬᠦᠴᠦᠨ ᠢᠶᠠᠷ ᠢᠶᠠᠨ ᠰᠠᠶᠢᠲᠤᠷ ᠶᠠᠷᠢᠬᠤ ᠳᠤ ᠴᠢᠬᠤᠯᠠ ᠤᠶᠢᠯᠡᠳᠦᠯ ᠦᠵᠡᠬᠦᠯᠦᠭᠰᠡᠨ ᠪᠠᠶᠢᠨ᠎ᠠ ᠭᠡᠵᠦ ᠢᠯᠡᠳᠬᠡᠵᠡᠭᠡᠪᠡ᠃      ᠡᠯ᠎ᠡ ᠰᠤᠮᠤ ᠪᠠᠯᠭᠠᠰᠤ᠂ ᠡᠯ᠎ᠡ ᠪᠠᠶᠢᠭᠤᠯᠭ᠎ᠠ ᠨᠢᠭᠡᠴᠡ ᠶᠢᠨ ᠭᠠᠳᠠᠭᠠᠳᠤ ᠤᠬᠠᠭᠤᠯᠭ᠎ᠠ ᠶᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠠ ᠠᠵᠢᠯᠲᠠᠨ᠂ ᠬᠠᠮ ᠵᠠᠭᠤᠴᠢᠯᠠᠭᠤᠷ ᠤᠨ ᠪᠦᠬᠦ ᠺᠠᠳ᠋ᠷ ᠠᠵᠢᠯᠲᠠᠨ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠵᠣᠬᠢᠶᠠᠯᠴᠢᠳ ᠤᠨ ᠨᠡᠶᠢᠭᠡᠮᠯᠢᠭ᠂ ᠭᠡᠷᠡᠯ ᠵᠢᠷᠤᠭ ᠤᠨ ᠨᠡᠶᠢᠭᠡᠮᠯᠢᠭ ᠤᠨ ᠭᠡᠰᠢᠬᠦᠳ ᠪᠣᠯᠪᠠᠰᠤᠷᠠᠯ ᠳᠤ ᠣᠷᠣᠯᠴᠠᠪᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号