ᠭᠠᠳᠠᠭᠠᠳᠤ ᠶᠠᠪᠤᠳᠠᠯ ᠤᠨ ᠠᠯᠪᠠᠨ ᠬᠡᠷ ᠪᠠᠶᠢᠭᠤᠯᠤᠮᠵᠢ ᠶᠢᠨ ᠡᠭᠦᠷᠭᠡ ᠴᠢᠳᠠᠪᠤᠷᠢ
ᠨᠡᠶᠢᠲᠡᠯᠡᠭᠰᠡᠨ ᠴᠠᠭ᠄
2024/8/25
     ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠶᠠᠪᠤᠳᠠᠯ ᠤᠨ ᠲᠠᠯ᠎ᠠ ᠪᠠᠷ ᠬᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠪᠥᠬᠦ ᠬᠤᠰᠢᠭᠤᠨ ᠤ ᠭᠠᠳᠠᠭᠠᠳᠤ ᠶᠠᠪᠤᠳᠠᠯ ᠤᠨ ᠠᠵᠢᠯ ᠤᠨ ᠲᠦᠷᠢᠮ ᠪᠠ ᠠᠵᠢᠯ ᠤᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠵᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠪᠥᠬᠦ ᠬᠤᠰᠢᠭᠤᠨ ᠤ ᠭᠠᠳᠠᠭᠠᠳᠤ ᠶᠠᠪᠤᠳᠠᠯ ᠤᠨ ᠠᠵᠢᠯ ᠤᠨ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︵ᠬᠤᠶᠠᠷ︶ ᠪᠦᠬᠦ ᠬᠤᠰᠢᠭᠤᠨ ᠤ ᠭᠠᠳᠠᠭᠠᠳᠤ ᠰᠣᠯᠢᠯᠴᠠᠭ᠎ᠠ ᠬᠠᠮᠲᠤᠷᠠᠯᠴᠠᠭ᠎ᠠ ᠶᠢ ᠵᠣᠬᠢᠴᠠᠭᠤᠯᠤᠨ ᠠᠬᠢᠭᠤᠯᠬᠤ ᠲᠥᠯᠥᠪᠵᠢᠭᠦᠯᠭᠡ ᠪᠠ ᠪᠠᠶᠢᠷᠢᠯᠠᠭᠤᠯᠤᠯᠲᠠ ᠶᠢ ᠬᠠᠷᠢᠭᠤᠴᠠᠨ᠎ᠠ᠃ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ᠂ ᠣᠣᠮᠤᠨ ᠤ ᠵᠠᠰᠠᠭ ᠵᠠᠬᠢᠷᠭᠠᠨ ᠤ ᠣᠨᠴᠠᠭᠠᠢ ᠣᠷᠣᠨ ᠳᠤ ᠤᠯᠤᠰ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠪᠥᠬᠦ ᠠᠶᠢᠮᠠᠭ ᠤᠨ ᠤᠮᠠᠷᠠᠰᠢ ᠨᠡᠭᠡᠭᠡᠯᠲᠡ ᠬᠢᠬᠦ᠂ ᠮᠣᠩᠭᠤᠯ ᠣᠷᠣᠰ ᠯᠤᠭ᠎ᠠ ᠶᠢᠨ ᠬᠠᠮᠲᠤᠷᠠᠯᠴᠠᠭᠠᠨ ᠤ ᠲᠣᠭᠲᠠᠴᠠ ᠶᠢᠨ ᠰᠢᠨ᠎ᠡ ᠶᠢ ᠡᠭᠦᠳᠬᠦ ᠬᠠᠮᠢᠶ᠎ᠠ ᠪᠥᠬᠦᠶ ᠠᠵᠢᠯ ᠤᠨ ᠲᠥᠯᠥᠪᠵᠢᠭᠦᠯᠭᠡ᠂ ᠲᠦᠷᠢᠮ ᠤᠨ ᠶᠣᠰᠣᠭᠠᠷ᠂ ᠪᠥᠬᠦ ᠬᠤᠰᠢᠭᠤᠨ ᠤ ᠬᠠᠮᠢᠶ᠎ᠠ ᠪᠥᠬᠦᠶ ᠠᠵᠢᠯ ᠢ ᠲᠦᠷᠦᠭᠦᠯᠡᠨ ᠠᠬᠢᠭᠤᠯᠤᠨ᠎ᠠ᠃      ︵ᠭᠤᠷᠪᠠ︶ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠪᠣᠯᠤᠨ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠳᠤᠮᠳᠠ ᠮᠣᠩᠭᠤᠯ ᠣᠷᠣᠰ ᠵᠡᠷᠭᠡ ᠤᠯᠤᠰ ᠯᠤᠭ᠎ᠠ ᠬᠠᠮᠲᠤᠷᠠᠯᠴᠠᠬᠤ ᠶᠠᠪᠤᠳᠠᠯ ᠢ ᠬᠠᠷᠢᠭᠤᠴᠠᠨ᠎ᠠ᠃      ︵ᠳᠥᠷᠪᠡ︶᠂ ᠤᠯᠤᠰ ᠤᠨ ᠠᠯᠪᠠᠨ ᠶᠠᠪᠤᠳᠠᠯ ᠢᠶᠠᠷ ᠭᠠᠳᠠᠭᠠᠳᠤ ︵ᠬᠢᠯᠢ︶ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠬᠡᠷᠡᠭᠵᠢᠭᠦᠯᠬᠦ ᠬᠡᠷᠡᠭᠲᠡᠶ᠃ ᠪᠥᠬᠦ ᠬᠤᠰᠢᠭᠤᠨ ᠤ ᠠᠯᠪᠠᠨ ᠶᠠᠪᠤᠳᠠᠯ ᠢᠶᠠᠷ ᠭᠠᠳᠠᠭᠠᠳᠤ ᠳᠤ ︵ᠬᠢᠯᠢ︶ ᠭᠠᠷᠬᠤ ᠲᠥᠯᠥᠪᠯᠡᠭᠡ ᠶᠢ ᠨᠢᠭᠡᠳᠦᠯᠲᠡᠶ ᠲᠥᠯᠥᠪᠯᠡᠨ ᠲᠣᠭᠲᠠᠭᠠᠨ᠎ᠠ᠃ ᠬᠢᠨᠠᠨ ᠬᠠᠷᠭᠤᠭᠤᠯᠵᠤ ᠳᠡᠭᠡᠭᠰᠢ ᠪᠥᠬᠦ ᠬᠤᠰᠢᠭᠤᠨ ᠤ ᠠᠯᠪᠠᠨ ᠶᠠᠪᠤᠳᠠᠯ ᠢᠶᠠᠷ ᠭᠠᠳᠠᠭᠠᠳᠤ ᠳᠤ ︵ᠬᠢᠯᠢ︶ ᠭᠠᠷᠬᠤ ᠪᠤᠯᠤᠨ ᠳᠤᠮᠳᠠᠳᠤ ᠤᠯᠤᠰ ᠲᠤ ᠤᠷᠢᠬᠤ ᠶᠠᠪᠤᠳᠠᠯ ᠢ ᠬᠠᠷᠢᠭᠤᠴᠠᠨ᠎ᠠ᠃ ᠬᠤᠰᠢᠭᠤᠨ ᠱᠠᠲᠤᠨ ᠤ ᠤᠳᠤᠷᠢᠳᠤᠯᠭ᠎ᠠ ᠶᠢᠨ ᠠᠶᠢᠯᠴᠢᠯᠠᠬᠤ ᠤᠴᠢᠷ ᠶᠠᠪᠤᠳᠠᠯ ᠪᠠ ᠭᠠᠳᠠᠭᠠᠳᠤ ᠶᠠᠪᠤᠳᠠᠯ ᠤᠨ ᠠᠵᠢᠯᠯᠠᠭ᠎ᠠ ᠶᠢ ᠨᠢᠭᠡᠳᠦᠯᠲᠡᠶ ᠲᠥᠯᠥᠪᠯᠡᠨ ᠰᠢᠢᠳᠪᠦᠷᠢᠯᠡᠨ᠎ᠡ᠃ ᠰᠤᠷᠪᠤᠯᠵᠢᠯᠠᠬᠤ ᠪᠠᠷ ᠢᠷᠡᠭᠰᠡᠨ ᠭᠠᠳᠠᠭᠠᠳᠤ ᠶᠢᠨ ᠵᠣᠴᠢᠳ ᠪᠣᠯᠤᠨ ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠶᠢᠨ ᠭᠠᠳᠠᠭᠠᠳᠤ ᠬᠠᠷᠢᠯᠴᠠᠭᠠᠨ ᠤ ᠠᠵᠢᠯᠲᠠᠨ ᠢ ᠬᠦᠯᠢᠶᠡᠨ ᠠᠪᠬᠤ ᠶᠢ ᠬᠠᠷᠢᠭᠤᠴᠠᠨ᠎ᠠ᠃      ︵ᠲᠠᠪᠤ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠷᠢᠯᠴᠠᠵᠤ ᠡᠳᠦᠷ ᠲᠤᠲᠤᠮ ᠤᠨ ᠬᠢᠯᠢ ᠶᠢᠨ ᠬᠡᠷᠡᠭ ᠶᠠᠪᠤᠳᠠᠯ ᠢ ᠬᠠᠮᠢᠶᠠᠷᠬᠤ ᠶᠢ ᠬᠠᠷᠢᠭᠤᠴᠠᠨ᠎ᠠ᠃ ᠭᠠᠳᠠᠭᠠᠳᠤ ᠶᠠᠪᠤᠳᠠᠯ ᠤᠨ ᠲᠤᠬᠠᠶᠢᠯᠠᠭᠰᠠᠨ ᠠᠵᠢᠯ ᠵᠢᠴᠢ ᠭᠠᠳᠠᠭᠠᠳᠤ ᠳᠤ ᠬᠤᠯᠪᠣᠭᠳᠠᠬᠤ ᠪᠤᠰᠤᠳ ᠶᠠᠪᠤᠳᠠᠯ ᠪᠠ ᠭᠠᠳᠠᠭᠠᠳᠤ ᠳᠤ ᠬᠤᠯᠪᠣᠭᠳᠠᠬᠤ ᠬᠡᠷᠡᠭ ᠢ ᠬᠠᠷᠢᠭᠤᠴᠠᠨ᠎ᠠ᠃ ᠰᠤᠷᠪᠤᠯᠵᠢᠯᠠᠬᠤ ᠪᠠᠷ ᠢᠷᠡᠭᠰᠡᠨ ᠭᠠᠳᠠᠭᠠᠳᠤ ᠤᠯᠤᠰ ᠤᠨ ᠰᠤᠷᠪᠤᠯᠵᠢᠯᠠᠭᠴᠢ᠂ ᠠᠵᠢᠯᠲᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠭᠠᠳᠠᠭᠠᠳᠤ ᠤᠬᠠᠭᠤᠯᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃      ︵ᠵᠢᠷᠭᠤᠭ᠎ᠠ︶ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠳᠡᠭᠡᠳᠦ ᠱᠠᠲᠤᠨ ᠤ ᠭᠠᠳᠠᠭᠠᠳᠤ ᠶᠠᠪᠤᠳᠠᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠡᠭᠦᠷᠭᠡ ᠶᠢ ᠳᠠᠭᠠᠭᠠᠨ ᠭᠦᠢᠴᠡᠳᠬᠡᠨ᠎ᠡ᠃      ᠳᠣᠲᠣᠭᠠᠳᠤ ᠪᠠᠶᠢᠭᠤᠯᠤᠮᠵᠢ᠄ ᠰᠥᠨᠢᠳ ᠪᠠᠷᠠᠭᠤᠨ ᠬᠤᠰᠢᠭᠤᠨ ᠤ ᠭᠠᠳᠠᠭᠠᠳᠤ ᠶᠠᠪᠤᠳᠠᠯ ᠤᠨ ᠠᠯᠪᠠᠨ ᠬᠡᠷ ᠤᠨ ᠳᠣᠲᠣᠭᠠᠳᠤ ᠪᠠᠶᠢᠭᠤᠯᠤᠮᠵᠢ ᠶᠢᠨ ᠬᠠᠷᠢᠶ᠎ᠠ ᠨᠢᠭᠤᠴᠠ ᠲᠠᠰ ᠤᠨ ᠤᠯᠤᠰ ᠤᠨ ᠨᠢᠭᠤᠴᠠ ᠳᠤ ᠬᠠᠷᠢᠶᠠᠯᠠᠭᠳᠠᠨ᠎ᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ︾ ︵2019 ᠣᠨ ᠤ ᠲᠥᠷᠥ ᠶᠢᠨ ᠶᠠᠪᠤᠳᠠᠯ ᠤᠨ ᠬᠤᠷᠢᠶᠠᠨ ᠤ 711 ᠳ᠋ᠦ᠋ᠭᠡᠷ ᠲᠣᠭᠠᠲᠤ ᠵᠠᠷᠯᠢᠭ︶ ᠤᠨ ᠲᠣᠭᠲᠠᠭᠠᠯ ᠢ ᠦᠨᠳᠦᠰᠦᠯᠡᠨ ᠢᠯᠡ ᠪᠣᠯᠭᠠᠬᠤ ᠥᠬᠡᠶ᠃      ᠬᠠᠶ᠋ᠢᠭ᠄ ᠰᠥᠨᠢᠳ ᠪᠠᠷᠠᠭᠤᠨ ᠬᠤᠰᠢᠭᠤᠨ ᠤ ᠨᠠᠮ ᠵᠠᠰᠠᠭ ᠤᠨ ᠲᠣᠮᠣ ᠠᠰᠠᠷ ᠤᠨ 1 ᠳ᠋ᠦ᠋ᠭᠡᠷ ᠳᠠᠪᠬᠤᠷ᠂ ᠬᠠᠷᠢᠯᠴᠠᠬᠤ ᠤᠲᠠᠰᠤ᠄ 0479 - 7496036      ᠠᠵᠢᠯᠯᠠᠬᠤ ᠴᠠᠭ᠄ ᠬᠠᠤᠯᠢ ᠪᠠᠷ ᠲᠣᠭᠲᠠᠭᠠᠭᠰᠠᠨ ᠠᠵᠢᠯ ᠤᠨ ᠡᠳᠦᠷ ᠤᠨ ᠦᠳᠡ ᠶᠢᠨ ᠡᠮᠦᠨ᠎ᠡ᠄ 8᠄ 30 - 12᠄ 00 ᠦᠳᠡ ᠶᠢᠨ ᠬᠤᠶᠢᠨᠠᠬᠢ 2᠄ 30 - 5᠄ 30 ᠬᠠᠷᠢᠭᠤᠴᠠᠯᠭᠠᠲᠠᠨ᠄ ᠰᠤᠶᠤᠯᠳᠤ  
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号