ᠤᠶᠢᠷ᠎ᠠ ᠶᠢᠨ ᠬᠤᠭᠤᠴᠠᠭᠠᠨ ᠳᠤ᠂ ᠤᠮᠠᠷᠠᠲᠦ ᠤᠷᠤᠨ ᠤ ᠴᠠᠬᠢᠯᠭᠠᠨ ᠲᠣᠣᠷ ᠤᠨ ᠲᠣᠬᠢᠷᠠᠭᠤᠯᠤᠯᠲᠠ ᠶᠢᠨ | ᠬᠦᠴᠦᠲᠡᠢ ᠳᠡᠮᠵᠢᠯᠭᠡ ᠪᠤᠯᠤᠨ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠨᠢᠭᠡᠳᠦᠯᠲᠡᠢ | ᠲᠥᠯᠥᠪᠵᠢᠭᠦᠯᠭᠡ ᠳᠣᠣᠷ᠎ᠠ᠂ ᠴᠠᠬᠠᠷ ᠪᠠᠷᠠᠭᠤᠨ ᠭᠠᠷᠤᠨ ᠲᠤᠮᠳᠠᠲᠦ ᠬᠤᠰᠢᠭᠤᠨ ᠠᠴᠠ ᠰᠢᠯᠢ ᠶᠢᠨ ᠭᠤᠤᠯ ᠠᠶᠢᠮᠠᠭ | ᠬᠦᠷᠬᠦ ᠬᠤᠣᠰ ᠭᠡᠯᠬᠢᠶᠡᠲᠦ ᠴᠠᠬᠢᠯᠭᠠᠨ ᠬᠦᠴᠦᠳᠡᠯ ᠤᠨ 500 ᠺᠢᠯᠣᠸᠠᠲ ᠤᠨ ᠴᠠᠬᠢᠯᠭᠠᠨ ᠬᠦᠷᠭᠡᠬᠦ ᠬᠡᠯᠬᠢᠶ᠎ᠡ ᠪᠤᠯᠵᠦ | ᠳᠡᠭᠡᠭᠰᠢᠯᠡᠬᠦ ᠶᠢ ᠳᠠᠭᠠᠯᠳᠤᠨ᠂ 2᠂ 3 ᠳ᠋ᠤᠭᠠᠷ ᠨᠣᠮᠧᠷᠲᠤ ᠴᠠᠬᠢᠯᠭᠠᠨ ᠬᠦᠴᠦᠳᠡᠯ ᠥᠭᠡᠷᠡᠴᠢᠯᠡᠬᠦ ᠦᠷᠳᠡᠭᠡ ᠶᠢᠨ | ᠠᠵᠢᠯ ᠢ ᠡᠬᠢᠯᠡᠬᠦᠯᠦᠭᠰᠡᠨ ᠠᠴᠠ ᠰᠢᠯᠢ ᠶᠢᠨ ᠭᠤᠣᠯ ᠤᠨ ᠪᠠᠷᠠᠭᠤᠨ ᠬᠡᠰᠡᠭ ᠤᠨ 500 ᠺᠢᠯᠣᠸᠠᠲ ᠤᠨ ︵ᠰᠥᠨᠢᠳ | ᠥᠷᠲᠡᠭᠡ︶ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠨᠢ ᠵᠢᠩᠬᠢᠨᠢ ᠪᠠᠷ ᠠᠰᠢᠭᠯᠠᠯᠳᠠ ᠳᠤ | ᠤᠷᠤᠭᠰᠠᠨ ᠪᠠᠶᠢᠨ᠎ᠠ᠃ | ᠲᠤᠰ ᠢᠨᠵᠧᠨᠧᠷᠢᠩ ᠳᠤ ᠠᠩᠬᠠᠨ ᠤ ᠲᠦᠯᠦᠪᠵᠢᠬᠦᠯᠭᠡ ᠪᠠᠷ 3.21 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠤᠷᠤᠭᠤᠯᠵᠦ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ 50 ᠳ᠋ᠤᠭᠠᠷ ᠰᠠᠤᠷᠢ | 500 ᠺᠢᠯᠣᠸᠠᠲ ᠤᠨ ᠬᠦᠴᠦᠳᠡᠯ ᠥᠭᠡᠷᠡᠴᠢᠯᠡᠬᠦ ᠥᠷᠲᠡᠭᠡ ᠪᠠᠶᠢᠵᠦ᠂ ᠰᠢᠯᠢ ᠶᠢᠨ ᠭᠤᠣᠯ ᠠᠶᠢᠮᠠᠭ᠂ ᠥᠪᠥᠷ | ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠭᠤᠣᠯᠳᠠᠯᠭ᠎ᠠ ᠲᠠᠢ ᠢᠨᠵᠧᠨᠧᠷᠢᠩ ᠤᠨ ᠲᠥᠷᠥᠯ ᠵᠦᠢᠯ | ᠪᠣᠯᠤᠭᠰᠠᠨ ᠤ ᠬᠤᠪᠢ ᠳᠤ᠂ ᠲᠤᠰ ᠤᠳᠠᠭᠠᠨ ᠤ ᠢᠨᠵᠧᠨᠧᠷᠢᠩ ᠳᠤ ᠬᠤᠶᠠᠷ 750 ᠰᠠᠶ᠎ᠠ ᠸᠤᠯᠲ ᠠᠮᠫᠧᠷ ᠤᠨ | ᠭᠤᠣᠯ ᠬᠦᠴᠦᠳᠡᠯ ᠥᠭᠡᠷᠡᠴᠢᠯᠡᠭᠴᠢ ᠶᠢ ᠰᠢᠨ᠎ᠡ ᠪᠠᠷ ᠪᠠᠶᠢᠭᠤᠯᠪᠠ᠃ | ᠰᠢᠯᠢ ᠶᠢᠨ ᠭᠤᠣᠯ ᠠᠶᠢᠮᠠᠭ ᠤᠨ ᠪᠠᠷᠠᠭᠤᠨ ᠬᠡᠰᠡᠭ ᠤᠨ 500 ᠺᠢᠯᠣᠸᠠᠲ ᠤᠨ ᠴᠠᠬᠢᠯᠭᠠᠨ ᠬᠦᠷᠭᠡᠬᠦ | ᠬᠦᠴᠦᠳᠡᠯ ᠥᠭᠡᠷᠡᠴᠢᠯᠡᠬᠦ ᠢᠨᠵᠧᠨᠧᠷᠢᠩ ᠤᠨ ᠲᠥᠷᠥᠯ ᠵᠦᠢᠯ ᠤᠨ ᠳᠠᠭᠠᠭᠠᠮᠠᠯ ᠭᠦᠩ ᠰᠢᠩ ᠰᠢᠩ᠄ ᠲᠤᠰ | ᠢᠨᠵᠧᠨᠧᠷᠢᠩ ᠨᠢ ᠰᠥᠨᠢᠳ ᠪᠠᠷᠠᠭᠤᠨ ᠬᠤᠰᠢᠭᠤᠨ ᠤ ᠰᠠᠶᠢᠬᠠᠨᠲᠠᠯ᠎ᠠ ᠪᠠᠯᠭᠠᠰᠤᠨ ᠳᠤ ᠪᠠᠶᠢᠷᠢᠯᠠᠵᠤ᠂ ᠰᠢᠯᠢ ᠶᠢᠨ | ᠭᠤᠣᠯ ᠠᠶᠢᠮᠠᠭ ᠤᠨ ᠪᠠᠷᠠᠭᠤᠨ ᠬᠡᠰᠡᠭ ᠭᠠᠵᠠᠷ ᠣᠷᠣᠨ ᠤ ᠴᠠᠬᠢᠯᠭᠠᠨ ᠬᠦᠴᠦᠨ ᠳᠠᠮᠵᠢᠭᠤᠯᠬᠤ ᠵᠢᠴᠢ ᠡᠷᠢᠶᠡᠨ | ᠬᠤᠲᠠ᠂ ᠰᠥᠨᠢᠳ ᠪᠠᠷᠠᠭᠤᠨ ᠬᠤᠰᠢᠭᠤ᠂ ᠰᠥᠨᠢᠳ ᠵᠡᠭᠦᠨ ᠬᠤᠰᠢᠭᠤ᠂ ᠬᠥᠪᠡᠭᠡᠲᠦ ᠰᠢᠷ᠎ᠠ ᠬᠤᠰᠢᠭᠤᠨ ᠤ ᠭᠠᠵᠠᠷ | ᠣᠷᠣᠨ ᠤ ᠴᠠᠬᠢᠯᠭᠠᠨ ᠬᠠᠩᠭᠠᠬᠤ ᠡᠭᠦᠷᠭᠡ ᠪᠠ ᠰᠢᠨ᠎ᠡ ᠡᠨᠧᠷᠭᠢ ᠶᠢ ᠭᠠᠳᠠᠭᠰᠢ ᠬᠦᠷᠭᠡᠬᠦ ᠬᠦᠨᠳᠦ ᠡᠭᠦᠷᠭᠡ ᠶᠢ | ᠡᠭᠦᠷᠭᠡᠯᠡᠵᠦ ᠪᠠᠶᠢᠨ᠎ᠠ᠃ | ᠢᠨᠵᠧᠨᠧᠷᠢᠩ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ 500 ᠺᠢᠯᠣᠸᠠᠲ ᠤᠨ ᠴᠠᠬᠢᠯᠭᠠᠨ | ᠲᠣᠣᠷ ᠢ ᠬᠢᠯᠢ ᠬᠢᠵᠠᠭᠠᠷ ᠣᠷᠣᠨ ᠳᠤ ᠬᠦᠷᠲᠡᠯ᠎ᠡ ᠤᠷᠲᠤᠳᠬᠠᠵᠤ᠂ ᠳᠤᠮᠳᠠᠳᠤ ᠮᠣᠩᠭᠤᠯ ᠬᠤᠶᠠᠷ ᠤᠯᠤᠰ ᠤᠨ ᠡᠬᠢ | ᠪᠠᠶᠠᠯᠢᠭ ᠢ ᠬᠤᠯᠪᠤᠨ ᠨᠡᠪᠳᠡᠷᠡᠬᠦᠯᠵᠦ᠂ ᠡᠷᠢᠶᠡᠨ ᠪᠣᠭᠤᠮᠲᠠ ᠶᠢᠨ ᠠᠵᠤ ᠠᠬᠤᠢ᠂ ᠠᠵᠤ ᠦᠢᠯᠡᠰ ᠤᠨ | ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠡᠨᠧᠷᠭᠢ ᠶᠢᠨ ᠲᠤᠯᠭᠠᠭᠤᠷᠢᠯᠠᠯ ᠬᠠᠩᠭᠠᠵᠤ᠂ ᠪᠤᠬᠢᠷᠳᠤᠯ ᠦᠭᠡᠢ | ᠡᠨᠧᠷᠬᠢ ᠶᠢ ᠡᠯ᠎ᠡ ᠭᠠᠵᠠᠷ ᠲᠤ ᠳᠠᠮᠵᠢᠭᠤᠯᠬᠤ ᠪᠣᠯᠤᠨ᠎ᠠ᠃ | ᠰᠢᠯᠢ ᠶᠢᠨ ᠭᠤᠣᠯ ᠤᠨ ᠬᠡᠳᠦ ᠥᠨᠳᠥᠷ ᠬᠦᠴᠦᠳᠡᠯᠲᠦ ᠴᠠᠬᠢᠯᠭᠠᠨ ᠬᠠᠩᠭᠠᠬᠤ ᠺᠣᠮᠫᠠᠨᠢ ᠶᠢᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠭᠡᠯᠳᠡᠰ ᠤᠨ ᠳᠠᠷᠤᠭ᠎ᠠ ᠴᠧᠩ ᠬᠤᠸᠠᠢ ᠢᠦᠢ᠄ ᠰᠥᠨᠢᠳ | ᠥᠷᠲᠡᠭᠡ ᠪᠣᠯ ᠰᠥᠨᠢᠳ ᠪᠠᠷᠠᠭᠤᠨ ᠬᠤᠰᠢᠭᠤᠨ ᠳᠠᠬᠢ ᠠᠩᠬᠠᠳᠠᠭᠴᠢ 500 ᠺᠢᠯᠣᠸᠠᠲ ᠤᠨ ᠬᠦᠴᠦᠳᠡᠯ | ᠥᠭᠡᠷᠡᠴᠢᠯᠡᠬᠦ ᠥᠷᠲᠡᠭᠡ ᠪᠣᠯᠤᠨ᠎ᠠ᠂ ᠳᠡᠰ ᠳᠡᠪᠰᠢᠭᠦᠯᠦᠨ ᠥᠭᠡᠷᠡᠴᠢᠯᠡᠭᠰᠡᠨ ᠤ ᠳᠠᠷᠠᠭ᠎ᠠ᠂ ᠲᠣᠰ ᠬᠦᠴᠦᠳᠡᠯ | ᠥᠭᠡᠷᠡᠴᠢᠯᠡᠬᠦ ᠥᠷᠲᠡᠭᠡ ᠨᠢ ᠵᠢᠱᠢᠯᠲᠡ ᠪᠠᠷ ᠲᠠᠬᠢᠵᠦ ᠰᠢᠨ᠎ᠡ ᠡᠨᠧᠷᠭᠢ ᠶᠢᠨ 100 ᠲᠦᠮᠡᠨ ᠺᠢᠯᠣᠸᠠᠲ ᠤᠨ | ᠲᠦᠬᠦᠭᠡᠷᠦᠮᠵᠢ ᠤᠭᠰᠠᠷᠠᠵᠦ᠂ ᠰᠢᠯᠢ ᠶᠢᠨ ᠭᠤᠣᠯ ᠠᠶᠢᠮᠠᠭ ᠤᠨ ᠪᠠᠷᠠᠭᠤᠨ ᠬᠡᠰᠡᠭ ᠭᠠᠵᠠᠷ ᠣᠷᠣᠨ ᠤ ᠰᠢᠨ᠎ᠡ | ᠡᠨᠧᠷᠭᠢ ᠶᠢ ᠭᠠᠳᠠᠭᠰᠢ ᠬᠦᠷᠭᠡᠬᠦ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠬᠦ ᠪᠣᠯᠤᠨ᠎ᠠ᠃ | ᠴᠠᠬᠢᠯᠭᠠᠨ ᠲᠣᠣᠷ ᠤᠨ ᠠᠵᠢᠯᠯᠠᠭᠠᠨ ᠤ ᠠᠷᠭ᠎ᠠ ᠬᠡᠯᠪᠡᠷᠢ ᠶᠢᠨ ᠣᠨᠴᠠᠭᠠᠢ ᠴᠢᠨᠠᠷ ᠠᠴᠠ ᠪᠣᠯᠵᠤ᠂ ᠴᠠᠬᠠᠷ | ᠪᠠᠷᠠᠭᠤᠨ ᠭᠠᠷᠤᠨ ᠲᠤᠮᠳᠠᠲᠦ ᠬᠤᠰᠢᠭᠤᠨ ᠠᠴᠠ ᠰᠢᠯᠢ ᠶᠢᠨ ᠭᠤᠤᠯ ᠠᠶᠢᠮᠠᠭ ᠬᠦᠷᠬᠦ ᠬᠤᠤᠰ ᠪᠤᠴᠠᠯᠳᠠ ᠶᠢᠨ | ᠱᠤᠭᠤᠮ ᠨᠢ ᠲᠦᠷᠪᠡᠳᠦᠭᠡᠷ ᠲᠡᠰ ᠤᠨ ᠴᠠᠬᠢᠯᠭᠠᠨ ᠤ ᠠᠶᠤᠯ ᠲᠦᠭᠰᠢᠭᠦᠷᠢ ᠲᠠᠢ ᠪᠠᠶᠢᠵᠦ᠂ ᠴᠠᠬᠢᠯᠭᠠᠨ ᠲᠤᠤᠷ ᠤᠨ | ᠳᠠᠭᠠᠭᠠᠴᠠ ᠶᠢ ᠪᠠᠳᠤᠯᠠᠬᠤ ᠶᠢᠨ ᠲᠦᠯᠦᠭᠡ᠂ ᠦᠪᠤᠷ ᠮᠤᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ 4 | ᠴᠠᠬᠢᠯᠭᠠᠨ ᠬᠠᠩᠭᠠᠯᠭ᠎ᠠ ᠶᠢᠨ ᠺᠤᠮᠫᠠᠨᠢ ᠲᠤᠰᠬᠠᠢ ᠮᠡᠷᠭᠡᠵᠢᠯ ᠤᠨ ᠪᠠᠴᠢᠮ ᠪᠠᠶᠢᠳᠠᠯ ᠢ ᠠᠷᠭᠠᠴᠠᠬᠤ ᠬᠠᠩᠭᠠᠯᠭ᠎ᠠ ᠶᠢ | ᠪᠠᠲᠤᠯᠠᠬᠤ ᠳᠤᠭᠤᠶᠢᠯᠠᠩ ᠪᠠᠶᠢᠭᠤᠯᠵᠤ᠂ ᠵᠢᠯᠣᠭᠤᠴᠢ ᠦᠭᠡᠢ ᠨᠢᠰᠬᠡᠯ᠂ ᠰᠦᠯᠵᠢᠶᠡᠨ ᠳᠡᠭᠡᠷᠡᠬᠢ ᠬᠢᠨᠠᠨ | ᠬᠡᠮᠵᠢᠯᠲᠡ ᠶᠢᠨ ᠲᠣᠨᠣᠭᠯᠠᠯ᠂ ᠲᠤᠰᠬᠠᠢ ᠠᠵᠢᠯᠲᠠᠨ ᠢᠶᠠᠷ ᠲᠣᠭᠤᠷᠢᠨ ᠪᠠᠶᠢᠴᠠᠭᠠᠯᠭᠠᠬᠤ ᠵᠡᠷᠭᠡ ᠠᠷᠭ᠎ᠠ ᠬᠡᠯᠪᠡᠷᠢ ᠶᠢ | ᠠᠰᠢᠭᠯᠠᠵᠤ᠂ 220 ᠺᠢᠯᠣᠸᠠᠲ ᠤᠨ ᠴᠠᠬᠢᠯᠭᠠᠨ ᠱᠤᠭᠤᠮ ᠵᠢᠴᠢ 18 ᠬᠦᠴᠦᠳᠡᠯ ᠥᠭᠡᠷᠡᠴᠢᠯᠡᠬᠦ ᠥᠷᠲᠡᠭᠡ ᠳᠤ | ᠲᠠᠰᠤᠷᠠᠯᠳᠠ ᠦᠭᠡᠢ ᠲᠣᠭᠤᠷᠢᠨ ᠪᠠᠶᠢᠴᠠᠭᠠᠯᠳᠠ ᠬᠢᠬᠦ ᠶᠢᠨ ᠬᠠᠮᠲᠦ ᠲᠤᠮᠳᠠᠲᠦ ᠲᠤᠤᠷᠠᠲᠦ ᠴᠠᠬᠢᠯᠭᠠᠨ ᠬᠦᠴᠦᠳᠡᠯ ᠤᠨ | ᠪᠠᠴᠢᠮ ᠪᠠᠶᠢᠳᠠᠯ ᠢ ᠠᠷᠭᠠᠴᠠᠬᠤ ᠲᠡᠷᠭᠡ ᠲᠤᠬᠢᠷᠠᠭᠤᠯᠵᠦ᠂ ᠤᠰᠤᠨ ᠠᠰᠢᠭᠯᠠᠯᠲᠠ᠂ ᠡᠮᠨᠡᠯᠭᠡ ᠶᠢᠨ ᠬᠤᠷᠢᠶ᠎ᠠ᠂ | ᠵᠠᠰᠠᠭ ᠤᠨ ᠶᠠᠪᠤᠳᠠᠯ ᠤᠨ ᠤᠶᠢᠯᠡᠴᠢᠯᠡᠭᠡ ᠵᠡᠷᠭᠡ ᠠᠷᠠᠳ ᠤᠨ ᠠᠮᠢᠳᠤᠷᠠᠯ ᠤᠨ ᠴᠢᠬᠤᠯᠠ ᠰᠠᠯᠠᠭ᠎ᠠ ᠮᠦᠴᠢᠷ ᠲᠤ | ᠴᠠᠬᠢᠯᠭᠠᠨ ᠬᠦᠴᠦᠨ ᠤ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠬᠠᠩᠭᠠᠭᠰᠠᠨ ᠪᠠᠶᠢᠨ᠎ᠠ᠃ |