ᠰᠦᠨᠢᠳ ᠨᠤᠳᠤᠭ ᠤᠨ ᠴᠠᠭᠠᠨ ᠢᠳᠡᠭᠡᠨ ᠤ ᠦᠷᠨᠢᠩᠬᠦᠢ ᠬᠦᠭᠵᠢᠯᠳᠡ
ᠨᠡᠶᠢᠲᠡᠯᠡᠭᠰᠡᠨ ᠴᠠᠭ᠄
2024/8/29
     ᠣᠶᠢᠷ᠎ᠠ ᠶᠢᠨ ᠵᠢᠯ ᠂ ᠮᠠᠨ ᠤ ᠬᠤᠰᠢᠭᠤ ᠤᠯᠤᠰ ᠤᠨ ᠰᠦᠨ ᠤ ᠦᠢᠯᠡᠰ ᠢ ᠬᠦᠭᠵᠢᠬᠦᠯᠬᠦ ᠠᠵᠠ ᠲᠣᠬᠢᠶᠠᠯ ᠢ ᠠᠮᠵᠢᠨ᠂ ᠥᠪᠡᠷᠲᠡᠭᠡᠨ ᠵᠠᠰᠠᠬᠤ ᠣᠷᠣᠨ ᠪᠣᠯᠤᠨ ᠰᠢᠯᠢ ᠶᠢᠨ ᠭᠤᠣᠯ ᠠᠶᠢᠮᠠᠭ ᠤᠨ ᠰᠦᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠ ᠣᠨᠴᠠᠯᠢᠭᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠲᠤᠬᠠᠢ ᠡᠯ᠎ᠡ ᠲᠦᠷᠦᠯ ᠤᠨ ᠲᠥᠷᠥ ᠶᠢᠨ ᠪᠣᠳᠣᠯᠭ᠎ᠠ ᠶᠢ ᠡᠷᠡᠰ ᠲᠤᠤᠱᠯᠠᠭᠤᠯᠵᠤ᠂ ︽ᠰᠢᠯᠢ ᠶᠢᠨ ᠭᠤᠣᠯ  ᠤᠨ ᠴᠠᠭᠠᠨ ᠢᠳᠡᠭᠡᠨ︾ ᠤ ᠨᠡᠷᠡᠲᠦ ᠳᠡᠮᠳᠡᠭ ᠲᠤ ᠲᠦᠰᠢᠭᠯᠡᠨ᠂ ᠤᠯᠠᠮᠵᠢᠯᠠᠯᠲᠤ ᠴᠠᠭᠠᠨ ᠢᠳᠡᠭᠡ ᠶᠢ ᠠᠷᠠᠳ ᠢ ᠴᠢᠨᠡᠭᠡᠯᠢᠭᠵᠢᠬᠦᠯᠬᠦ ᠠᠵᠤ ᠦᠢᠯᠡᠰ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠯᠠᠬᠤ ᠠᠵᠤ ᠦᠢᠯᠡᠰ ᠪᠣᠯᠭᠠᠨ ᠳᠠᠰᠤᠷᠠᠯᠳᠠ ᠦᠭᠡᠢ ᠠᠬᠢᠭᠤᠯᠤᠭᠰᠠᠨ ᠠᠴᠠ ᠴᠠᠭᠠᠨ ᠢᠳᠡᠭᠡᠨ ᠤ ᠠᠵᠤ ᠦᠢᠯᠡᠰ ᠡᠷᠡᠭᠦᠯ ᠢᠶᠠᠷ ᠦᠷᠨᠢᠨ ᠬᠦᠭᠵᠢᠭᠰᠡᠨ ᠪᠠᠶᠢᠨ᠎ᠠ᠃      ᠣᠶᠢᠷ᠎ᠠ ᠳᠤ᠂ ᠮᠠᠨ ᠤ ᠬᠤᠰᠢᠭᠤᠨ ᠤ ᠴᠠᠭᠠᠨ ᠢᠳᠡᠭᠡᠨ ᠤ ᠨᠡᠶᠢᠭᠡᠮᠯᠢᠭ ᠨᠢ ᠲᠠᠪᠤᠳᠤᠭᠠᠷ ᠬᠤᠭᠤᠴᠠᠭᠠᠨ ᠤ ︽ᠰᠢᠯᠢ ᠶᠢᠨ ᠭᠤᠣᠯ ᠤᠨ ᠴᠠᠭᠠᠨ ᠢᠳᠡᠭᠡᠨ︾ ᠤ ᠴᠢᠨᠠᠷ ᠤᠨ ᠰᠢᠯᠭᠠᠷᠠᠭᠤᠯᠤᠯᠲᠠ ᠵᠢᠴᠢ ᠠᠷᠪᠠᠨ ᠬᠤᠶᠠᠳᠤᠭᠠᠷ ᠬᠤᠭᠤᠴᠠᠭᠠᠨ ᠤ ᠰᠢᠯᠤᠭᠤᠨ ᠬᠥᠬᠡ ᠬᠤᠰᠢᠭᠤᠨ ᠤ ᠴᠠᠭᠠᠨ ᠢᠳᠡᠭᠡᠨ ᠤ ᠰᠣᠶᠣᠯ ᠤᠨ ᠨᠠᠶᠢᠷ ᠳᠡᠭᠡᠷ᠎ᠡ ᠰᠢᠯᠢᠳᠡᠭ ᠠᠮᠵᠢᠯᠳᠠ ᠤᠯᠵᠦ᠂ ᠨᠡᠶᠢᠭᠡᠮᠯᠢᠭ ᠤᠨ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠬᠦᠷᠲᠡᠵᠦ᠂ ᠡᠭᠦᠨ ᠳᠤ ᠲᠦᠷᠪᠡᠨ ᠲᠥᠷᠥᠯ ᠤᠨ ᠤᠷᠤᠯᠳᠤᠭᠠᠨ ᠳᠤ ᠤᠷᠤᠯᠴᠠᠭᠠᠳ ᠭᠤᠷᠪᠠᠨ ᠲᠦᠷᠦᠯ ᠤᠨ ᠤᠷᠤᠯᠳᠤᠭᠠᠨ ᠳᠤ ᠬᠤᠶᠠᠳᠤᠭᠠᠷ ᠳᠡᠰ ᠤᠨ ᠱᠠᠩᠨᠠᠯ ᠪᠠ ᠭᠤᠷᠪᠠᠳᠤᠭᠠᠷ ᠳᠡᠰ ᠤᠨ ᠱᠠᠩᠨᠠᠯ ᠬᠦᠷᠳᠡᠪᠡ᠃ ᠰᠢᠯᠢᠳᠡᠭ ᠬᠢᠷᠢ ᠪᠦᠲᠦᠮᠵᠢ ᠤᠯᠤᠭᠰᠠᠨ ᠨᠢ ᠤᠷᠤᠯᠴᠠᠭᠰᠠᠳ ᠤᠨ ᠰᠢᠷᠭᠠᠭᠤ ᠬᠠᠳᠠᠭᠤᠵᠢᠯ ᠪᠠᠶᠢᠬᠤ ᠮᠥᠷᠲᠡᠭᠡᠨ ᠮᠠᠨ ᠤ ᠬᠤᠰᠢᠭᠤᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠴᠢᠨᠠᠷᠯᠢᠭ ᠬᠥᠭᠵᠢᠯᠲᠡ ᠶᠢ ᠬᠠᠷᠠᠭᠤᠯᠵᠦ ᠪᠠᠶᠢᠭ᠎ᠠ ᠶᠤᠮ᠃ ᠠᠯᠳᠠᠷ ᠬᠦᠨᠳᠦ ᠲᠠᠢ ᠪᠤᠴᠠᠵᠤ ᠢᠷᠡᠭᠰᠡᠨ ᠨᠡᠶᠢᠭᠡᠮᠯᠢᠭ ᠨᠢ ᠤᠯᠠᠮᠵᠢᠯᠠᠯᠲᠦ ᠴᠠᠭᠠᠨ ᠢᠳᠡᠭᠡᠨ ᠤ ᠪᠦᠲᠦᠭᠡᠭᠳᠡᠬᠦᠨ ᠤ ᠰᠤᠯᠢᠯᠴᠠᠭᠠᠨ ᠤ ᠰᠠᠭᠤᠳᠠᠯ ᠤᠨ ᠬᠤᠷᠠᠯ ᠬᠤᠷᠠᠯᠳᠤᠭᠤᠯᠵᠦ᠂ ᠦᠪᠡᠷ ᠦᠪᠡᠷ ᠤᠨ ᠤᠯᠤᠯᠳᠠ ᠲᠦᠷᠦᠭᠳᠡᠯ ᠲᠤᠷᠰᠢᠯᠭ᠎ᠠ ᠤᠶᠢᠯᠡᠳᠦᠯᠭᠡ  ᠪᠠᠨ ᠬᠤᠪᠢᠶᠠᠯᠴᠠᠵᠦ᠂ ᠳᠠᠷᠠᠭᠠᠴᠢ ᠪᠠᠷ ᠠᠯᠢ ᠳᠠᠯ᠎ᠠ ᠪᠠᠷ ᠳᠡᠭᠡᠭᠰᠢᠯᠡᠬᠦ ᠴᠢᠬᠤᠯᠠᠲᠠᠢ᠂ᠠᠯᠢ ᠲᠠᠯ᠎ᠠ ᠪᠠᠷ ᠠᠩᠬᠠᠷᠬᠤ ᠴᠢᠬᠤᠯᠠᠲᠠᠢ ᠵᠡᠷᠭᠡ ᠤᠯᠠᠨ ᠲᠠᠯ᠎ᠠ ᠪᠠᠷ ᠶᠠᠷᠢᠯᠴᠠᠯᠭ᠎ᠠ ᠦᠷᠨᠢᠬᠦᠯᠦᠭᠰᠡᠨ ᠪᠠᠶᠢᠨ᠎ᠠ᠃      ᠣᠶᠢᠯᠠᠭᠠᠭᠰᠠᠨ ᠢᠶᠠᠷ᠂ ᠮᠠᠨ ᠤ ᠬᠤᠰᠢᠭᠤᠨ ᠤ ᠴᠠᠭᠠᠨ ᠢᠳᠡᠭᠡᠨ ᠤ ᠨᠡᠶᠢᠭᠡᠮᠯᠢᠭ 2023 ᠣᠨ ᠤ 5 ᠰᠠᠷ᠎ᠠ ᠶᠢᠨ 24 ᠤ ᠡᠳᠦᠷ ᠪᠠᠶᠢᠭᠤᠯᠤᠭᠳᠠᠵᠤ᠂ ᠣᠳᠣ 139 ᠭᠡᠰᠢᠭᠦᠨ ᠲᠠᠢ᠃ ᠪᠠᠶᠢᠭᠤᠯᠤᠭᠳᠠᠭᠰᠠᠨ ᠠᠴᠠ ᠨᠠᠰᠢ᠂ ᠨᠡᠶᠢᠭᠡᠮᠯᠢᠭ ᠠᠴᠠ ᠡᠯ᠎ᠡ ᠲᠥᠷᠥᠯ ᠤᠨ ᠤᠷᠤᠯᠳᠤᠭᠠᠨ ᠳᠤ ᠢᠳᠡᠪᠬᠢᠲᠡᠢ ᠣᠷᠣᠯᠴᠠᠵᠤ᠂ ᠬᠢᠷᠢ ᠪᠦᠲᠦᠮᠵᠢ ᠲᠣᠪᠤᠶᠢᠮ᠎ᠠ ᠪᠠᠶᠢᠵᠦ᠂ ᠰᠢᠯᠢ ᠶᠢᠨ ᠭᠤᠣᠯ ᠤᠨ ᠴᠠᠭᠠᠨ ᠢᠳᠡᠭᠡᠨ ᠤ ᠰᠢᠯᠭᠠᠷᠠᠭᠤᠯᠤᠯᠳᠠ ᠶᠢᠨ ᠤᠷᠤᠯᠳᠤᠭᠠᠨ ᠳᠤ ᠬᠤᠶᠠᠷ ᠵᠢᠯ ᠳᠠᠷᠠᠭᠠᠯᠠᠨ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠬᠦᠷᠲᠡᠭᠰᠡᠨ ᠢᠶᠠᠷ ᠦᠯᠦ ᠪᠠᠷᠠᠨ ᠨᠡᠩ ᠣᠯᠠᠨ ᠭᠡᠰᠢᠭᠦᠳ ᠬᠤᠪᠢ ᠬᠥᠮᠦᠨ ᠤ ᠱᠠᠩᠨᠠᠯ ᠬᠦᠷᠲᠡᠪᠡ᠃ ᠤᠷᠤᠯᠳᠤᠭᠠᠨ ᠳᠤ ᠣᠷᠣᠯᠴᠠᠬᠤ ᠠᠴᠠ ᠭᠠᠳᠠᠨ᠎ᠠ ᠪᠠᠰᠠ ᠵᠢᠯ ᠪᠤᠯᠭᠠᠨ 5 - 7 ᠡᠳᠦᠷ ᠤᠨ ᠴᠠᠭᠠᠨ ᠢᠳᠡᠭᠡᠨ ᠪᠤᠯᠪᠠᠰᠤᠷᠠᠭᠤᠯᠬᠤ ᠪᠣᠯᠪᠠᠰᠤᠷᠠᠯ ᠢ ᠥᠪᠡᠰᠦᠪᠡᠨ ᠵᠣᠬᠢᠶᠠᠨ ᠪᠠᠶᠢᠭᠤᠯᠬᠤ ᠶᠢᠨ ᠬᠠᠮᠲᠤ ᠡᠯ᠎ᠡ ᠭᠠᠵᠠᠷ ᠲᠤ ᠣᠴᠢᠵᠤ ᠲᠣᠭᠤᠷᠢᠨ ᠦᠵᠡᠵᠦ ᠰᠤᠷᠤᠯᠴᠠᠳᠠᠭ ᠪᠠᠶᠢᠨ᠎ᠠ᠃ ᠢᠷᠡᠭᠡᠳᠦᠢ ᠶᠢᠨ ᠬᠥᠭᠵᠢᠯᠲᠡ ᠶᠢᠨ ᠲᠤᠬᠠᠢ᠂ ᠴᠠᠭᠠᠨ ᠢᠳᠡᠭᠡᠨ ᠤ ᠨᠡᠶᠢᠭᠡᠮᠯᠢᠭ ᠲᠤ ᠲᠣᠳᠣᠷᠬᠠᠢ ᠲᠥᠯᠥᠪᠵᠢᠭᠦᠯᠭᠡ ᠲᠠᠢ᠂ ᠨᠡᠶᠢᠭᠡᠮᠯᠢᠭ ᠨᠢ ᠤᠯᠠᠮᠵᠢᠯᠠᠯᠲᠤ ᠴᠠᠭᠠᠨ ᠢᠳᠡᠭᠡᠨ ᠤ ᠤᠷ᠎ᠠ ᠮᠡᠷᠭᠡᠰᠢᠯ ᠢ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠡᠷᠢᠭᠦᠨ ᠤ ᠦᠢᠯᠡᠳᠪᠦᠷᠢᠯᠡᠯ ᠤᠨ ᠮᠡᠷᠭᠡᠵᠢᠯ ᠪᠠ ᠲᠥᠬᠦᠭᠡᠷᠦᠮᠵᠢ ᠶᠢ ᠣᠷᠣᠭᠤᠯᠤᠨ ᠠᠪᠴᠢᠷᠠᠵᠤ᠂ ᠴᠠᠭᠠᠨ ᠢᠳᠡᠭᠡᠨ ᠤ ᠶᠠᠰᠤ ᠴᠢᠨᠠᠷ ᠪᠠ ᠭᠠᠷᠤᠯᠲᠠ ᠶᠢ ᠳᠡᠭᠡᠭᠰᠢᠯᠡᠬᠦᠯᠬᠦ ᠶᠢᠨ ᠬᠠᠮᠲᠤ ᠴᠠᠭᠠᠨ ᠢᠳᠡᠭᠡᠨ ᠤ ᠪᠤᠰᠤᠳ ᠨᠡᠩ ᠣᠯᠠᠨ ᠪᠦᠲᠦᠭᠡᠭᠳᠡᠬᠦᠨ ᠢ ᠨᠡᠭᠡᠭᠡᠨ ᠬᠦᠭᠵᠢᠬᠦᠯᠵᠦ᠂ ᠵᠠᠬ᠎ᠠ ᠳᠡᠯᠭᠡᠭᠦᠷ ᠢ ᠥᠷᠭᠡᠳᠬᠡᠬᠦ ᠲᠠᠯ᠎ᠠ ᠪᠠᠷ᠂ ᠪᠣᠷᠣᠯᠠᠭᠤᠯᠭ᠎ᠠ ᠶᠢᠨ ᠠᠷᠭ᠎ᠠ ᠵᠠᠮ ᠢᠶᠠᠨ ᠢᠳᠡᠪᠬᠢᠲᠡᠢ ᠥᠷᠭᠡᠳᠬᠡᠵᠦ᠂ ᠮᠠᠨ ᠤ ᠬᠤᠰᠢᠭᠤᠨ ᠤ ᠴᠢᠨᠠᠷᠯᠢᠭ ᠴᠠᠭᠠᠨ ᠢᠳᠡᠭᠡ ᠶᠢ ᠨᠡᠩ ᠥᠷᠭᠡᠨ ᠠᠭᠤᠳᠠᠮ ᠵᠠᠬ᠎ᠠ ᠳᠡᠯᠭᠡᠭᠦᠷ ᠲᠤ ᠭᠠᠷᠭᠠᠬᠤ ᠪᠠᠷ ᠴᠢᠷᠮᠠᠶᠢᠵᠦ ᠪᠠᠶᠢᠨᠠᠮ᠃      ᠣᠶᠢᠷ᠎ᠠ ᠶᠢᠨ ᠵᠢᠯ ᠠᠴᠠ ᠨᠠᠰᠢ᠂ ᠮᠠᠨ ᠤ ᠬᠤᠰᠢᠭᠤ ᠰᠦᠨ ᠤ ᠦᠢᠯᠡᠰ ᠤᠨ ᠬᠥᠭᠵᠢᠯᠲᠡ ᠶᠢ ᠲᠣᠪᠤᠶᠢᠮ᠎ᠠ ᠪᠠᠶᠢᠷᠢᠨ ᠳᠤ ᠲᠠᠯᠪᠢᠵᠦ᠂ ᠮᠠᠯ ᠠᠵᠤ ᠠᠬᠤᠢ ᠶᠢᠨ ᠠᠵᠤ ᠦᠢᠯᠡᠰ ᠤᠨ ᠳᠠᠪᠠᠭᠤᠯᠢᠭ ᠲᠤ ᠲᠦᠰᠢᠭᠯᠡᠨ᠂ ᠴᠠᠭᠠᠨ ᠢᠳᠡᠭᠡᠨ ᠤ ᠠᠵᠤ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠰᠦᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠵᠦ᠂ ᠮᠠᠯᠴᠢᠳ ᠢ ᠳᠠᠶᠢᠴᠢᠯᠠᠨ ᠴᠢᠨᠡᠭᠡᠯᠢᠭᠵᠢᠬᠦᠯᠪᠡ᠃ ᠳᠠᠷᠠᠭᠠᠴᠢ ᠶᠢᠨ ᠠᠯᠬᠤᠮ ᠳᠤ᠂ ᠴᠠᠭᠠᠨ ᠢᠳᠡᠭᠡᠨ ᠤ ᠠᠵᠤ ᠦᠢᠯᠡᠰ ᠤᠨ ᠵᠢᠷᠤᠮᠵᠢᠭᠰᠠᠨ᠂ ᠪᠠᠷᠢᠮᠵᠢᠶᠠᠵᠢᠭᠰᠠᠨ᠂ ᠲᠤᠰᠬᠠᠶᠢᠵᠢᠭᠰᠠᠨ ᠬᠥᠭᠵᠢᠯᠲᠡ ᠶᠢ ᠦᠷᠭᠦᠯᠵᠢᠯᠡᠨ ᠶᠡᠬᠡᠪᠡᠷ ᠠᠬᠢᠭᠤᠯᠵᠤ᠂ ᠴᠠᠭᠠᠨ ᠢᠳᠡᠭᠡᠨ ᠤ ᠦᠢᠯᠡᠳᠪᠦᠷᠢᠯᠡᠯ ᠮᠠᠯᠴᠢᠨ ᠡᠷᠦᠬᠡ ᠶᠢᠨ ᠣᠷᠣᠨ ᠨᠤᠲᠤᠭ ᠤᠨ ᠣᠨᠴᠠᠯᠢᠭ ᠲᠠᠢ ᠴᠠᠭᠠᠨ ᠢᠳᠡᠭᠡᠨ ᠤ ᠪᠦᠲᠦᠭᠡᠭᠳᠡᠬᠦᠨ ᠢ ᠦᠷᠭᠦᠯᠵᠢᠯᠡᠨ ᠰᠢᠯᠢᠳᠡᠭᠵᠢᠭᠦᠯᠦᠨ ᠨᠠᠷᠢᠯᠢᠭ ᠬᠢᠬᠦ ᠶᠢ ᠵᠣᠷᠢᠭᠵᠢᠭᠤᠯᠵᠤ᠂ ᠴᠠᠭᠠᠨ ᠢᠳᠡᠭᠡᠨ ᠤ ᠠᠵᠤ ᠦᠢᠯᠡᠰ ᠤᠨ ᠳᠡᠰ ᠳᠡᠪᠰᠢᠬᠦ ᠶᠢ ᠲᠠᠰᠤᠷᠠᠯᠲᠠ ᠦᠭᠡᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠠᠯᠬᠤᠮ ᠢ ᠠᠯᠬᠤᠬᠤ ᠶᠢ ᠠᠬᠢᠭᠤᠯᠵᠤ᠂ ᠰᠥᠨᠢᠳ ᠤᠨ ᠨᠡᠷᠡᠲᠦ ᠳᠡᠮᠳᠡᠭᠲᠦ ᠶᠢ ᠨᠡᠩ ᠤᠯᠠᠨ ᠳᠤ ᠲᠠᠨᠢᠭᠤᠯᠬᠤ ᠪᠤᠯᠤᠨ᠎ᠠ︕
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号