ᠮᠠᠨ ᠤ ᠬᠤᠰᠢᠭᠤ ᠰᠠᠯᠬᠢᠨ ᠬᠦᠴᠦᠨ ᠤ ᠲᠦᠷᠦᠯ ᠵᠤᠶᠢᠯ ᠢ ᠪᠦᠬᠦ ᠬᠦᠴᠦᠨ ᠢᠶᠠᠷ ᠢᠶᠠᠨ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2024/8/29
     ᠮᠧᠩ ᠨᠧᠩ ᠰᠥᠨᠢᠳ ᠪᠠᠷᠠᠭᠤᠨ ᠬᠤᠰᠢᠭᠤᠨ ᠤ 100 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠪᠣᠯ ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ ᠶᠢᠨ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠶᠢ ᠪᠡᠶᠡᠯᠡᠭᠦᠯᠬᠦ ᠶᠢᠨ ᠴᠢᠬᠤᠯᠠ ᠬᠡᠰᠡᠭ ᠮᠥᠨ᠂ ᠤᠯᠤᠰ ᠤᠨ ᠴᠢᠬᠤᠯᠠ ᠡᠨᠧᠷᠭᠢ ᠶᠢᠨ ᠰᠠᠭᠤᠷᠢᠨ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ︽ᠬᠤᠶᠠᠷ ᠢ ᠤᠷᠢᠳ ᠢᠶᠠᠷ ᠬᠢᠬᠦ᠂ ᠬᠤᠶᠠᠷ ᠢ ᠳᠠᠪᠠᠭᠤᠯᠬᠤ︾ ᠬᠠᠷᠠᠯᠲᠠ ᠶᠢ ᠪᠡᠶᠡᠯᠡᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠲᠥᠷᠥᠯ ᠵᠦᠢᠯ ᠢ ᠵᠢᠩᠬᠢᠨᠢ ᠪᠠᠷ ᠡᠬᠢᠯᠡᠬᠦᠯᠦᠭᠰᠡᠨ ᠠᠴᠠ ᠨᠠᠰᠢ᠂ ᠮᠠᠨ ᠤ ᠬᠤᠰᠢᠭᠤ ᠪᠦᠬᠦ ᠬᠦᠴᠦᠨ ᠢᠶᠠᠷ ᠢᠶᠠᠨ ᠴᠢᠷᠮᠠᠶᠢᠨ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠢᠳᠡᠪᠬᠢᠲᠡᠢ ᠵᠣᠬᠢᠶᠠᠨ ᠪᠠᠶᠢᠭᠤᠯᠵᠤ ᠠᠵᠤ ᠠᠬᠤᠶᠢᠯᠠᠯ ᠯᠤᠭ᠎ᠠ ᠵᠤᠬᠢᠴᠠᠭᠤᠯᠤᠨ ᠵᠤᠯᠭᠠᠭᠤᠯᠵᠦ᠂ ᠪᠦᠬᠦ ᠬᠦᠴᠦᠨ ᠢᠶᠠᠷ ᠢᠶᠠᠨ ᠵᠠᠰᠠᠭ ᠤᠨ ᠲᠠᠯ᠎ᠠ ᠶᠢᠨ ᠲᠦᠬᠦᠮ ᠤᠶᠢᠯᠡᠴᠢᠯᠡᠭᠡ ᠬᠠᠩᠭᠠᠵᠦ ᠪᠠᠶᠢᠨ᠎ᠠ᠃      ᠮᠧᠩ ᠨᠧᠩ ᠰᠥᠨᠢᠳ ᠪᠠᠷᠠᠭᠤᠨ ᠬᠤᠰᠢᠭᠤᠨ ᠤ 100 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠤᠨ ᠬᠤᠷᠠᠯ ᠤᠨ ᠭᠡᠷ ᠲᠤ ᠬᠤᠰᠢᠭᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠰᠢᠭᠤ ᠲᠤᠭ᠎ᠠ ᠪᠦᠷᠢᠳᠬᠡᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶᠠᠨ ᠤ ᠬᠥᠳᠡᠯᠮᠦᠷᠢ ᠶᠢᠨ ᠬᠢᠨᠠᠨ ᠪᠠᠶᠢᠴᠠᠭᠠᠯᠳᠠ ᠶᠢᠨ ᠶᠡᠭᠡ ᠠᠩᠭᠢ᠂ ᠥᠷᠭᠡᠨᠲᠠᠯ᠎ᠠ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠠᠮᠢᠶ᠎ᠠ ᠪᠦᠬᠦᠢ ᠠᠵᠢᠯᠳᠠᠳ ᠲᠥᠷᠥᠯ ᠵᠦᠢᠯ ᠤᠨ ᠬᠠᠷᠢᠭᠤᠴᠠᠯᠭᠠᠲᠠᠨ ᠲᠠᠢ ᠨᠢᠭᠤᠷᠳᠠᠨ ᠶᠠᠷᠢᠯᠴᠠᠵᠤ᠂ ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠣᠢ ᠪᠣᠯᠭᠠᠬᠤ ᠪᠠᠷ ᠴᠢᠷᠮᠠᠶᠢᠵᠤ᠂ ᠲᠦᠷᠦᠯ ᠵᠤᠶᠢᠯ ᠤᠨ ᠠᠬᠢᠴᠠ ᠶᠢ ᠬᠠᠮᠲᠦ ᠪᠠᠷ ᠲᠦᠯᠬᠢᠨ ᠠᠬᠢᠭᠤᠯᠬᠤ ᠪᠠᠷ ᠠᠷᠭ᠎ᠠ ᠪᠦᠬᠦᠨ ᠢ ᠰᠦᠪᠡᠭᠴᠢᠯᠡᠨ᠎ᠡ᠃      ᠮᠧᠩ ᠨᠧᠩ ᠰᠥᠨᠢᠳ ᠪᠠᠷᠠᠭᠤᠨ ᠬᠤᠰᠢᠭᠤᠨ ᠤ 100 ᠲᠦᠮᠡᠨ ᠺᠢᠯᠣᠸᠠᠲ ᠤᠨ ᠰᠠᠯᠬᠢᠨ ᠬᠦᠴᠦᠨ ᠤ ᠲᠥᠷᠥᠯ ᠵᠦᠢᠯ ᠪᠣᠯ ᠥᠪᠡᠷᠲᠡᠭᠡᠨ ᠵᠠᠰᠠᠬᠤ ᠣᠷᠣᠨ ᠤ ᠳᠡᠰ ᠤᠨ ᠭᠤᠣᠯᠳᠠᠯᠭ᠎ᠠ ᠲᠠᠢ ᠲᠥᠷᠥᠯ ᠵᠦᠢᠯ ᠪᠣᠯᠤᠨ᠎ᠠ᠂ 2024 ᠣᠨ ᠤ 2 ᠰᠠᠷ᠎ᠠ ᠶᠢᠨ 23 ᠤ ᠡᠳᠦᠷ ᠬᠢᠨᠠᠨ ᠵᠦᠪᠰᠢᠶᠡᠷᠡᠭᠳᠡᠵᠦ᠂ ᠲᠥᠷᠥᠯ ᠵᠦᠢᠯ ᠤᠨ ᠤᠶᠢᠯᠡᠳᠪᠦᠷᠢ  ᠶᠢᠨ ᠲᠠᠯᠠᠪᠠᠢ ᠶᠢ ᠮᠠᠨ ᠤ ᠬᠤᠰᠢᠭᠤᠨ ᠤ ᠥᠷᠭᠡᠨᠲᠠᠯ᠎ᠠ ᠪᠠᠯᠭᠠᠰᠤᠨ ᠳᠤ ᠲᠤᠭᠳᠠᠭᠠᠵᠦ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 37.3211 ᠳ᠋ᠦᠩᠰᠢᠭᠤᠷ ᠲᠥᠭᠦᠷᠢᠭ ᠲᠤ ᠬᠦᠷᠴᠦ᠂ ᠪᠦᠲᠦᠭᠡᠨ ᠪᠠᠶᠢᠭᠤᠯᠬᠤ ᠬᠡᠪᠴᠢᠶ᠎ᠡ ᠨᠢ 100 ᠲᠦᠮᠡᠨ ᠺᠢᠯᠣᠸᠠᠲ ᠲᠤ ᠬᠦᠷᠴᠦ᠂ 100 ᠰᠠᠤᠷᠢ ᠳᠠᠩ ᠮᠠᠰᠢᠨ ᠤ ᠪᠠᠭᠲᠠᠭᠠᠮᠵᠢ ᠨᠢ 10 ᠰᠠᠶ᠎ᠠ ᠸᠠᠲ ᠤᠨ ᠰᠠᠯᠬᠢᠨ ᠬᠦᠴᠦᠨ ᠤ ᠴᠠᠬᠢᠯᠭᠠᠨ ᠤ ᠮᠠᠰᠢᠨ ᠴᠣᠭᠴᠠᠯᠠᠪᠤᠷᠢ ᠶᠢ ᠰᠣᠩᠭᠤᠨ ᠬᠡᠷᠡᠭᠯᠡᠬᠦ ᠪᠠᠷ ᠪᠤᠢ᠃ ᠲᠤᠰ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠯ ᠪᠦᠷᠢ 30 ᠳ᠋ᠦᠩᠰᠢᠭᠤᠷ ᠺᠢᠯᠣᠸᠠᠲ ᠴᠠᠭ ︽ᠪᠣᠬᠢᠷᠲᠤᠯ ᠦᠭᠡᠢ ᠴᠠᠬᠢᠯᠭᠠᠨ︾ ᠬᠠᠩᠭᠠᠬᠤ ᠪᠣᠯᠤᠨ᠎ᠠ᠃      ᠲᠥᠷᠥᠯ ᠵᠦᠢᠯ ᠢ ᠵᠢᠱᠢᠯᠲᠡ ᠪᠠᠷ ᠵᠢᠯ ᠤᠨ ᠡᠴᠦᠰ ᠲᠤ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠤᠷᠤᠭᠤᠯᠤᠭᠰᠠᠨ ᠤ ᠳᠠᠷᠠᠭ᠎ᠠ ᠮᠠᠨ ᠤ ᠬᠤᠰᠢᠭᠤᠨ ᠤ ᠪᠣᠬᠢᠷᠲᠤᠯ ᠦᠭᠡᠢ ᠬᠥᠭᠵᠢᠯᠲᠡ ᠪᠠ ᠡᠨᠧᠷᠭᠢ ᠶᠢᠨ ᠪᠣᠬᠢᠷᠲᠤᠯ ᠦᠭᠡᠢ ᠬᠡᠯᠪᠡᠷᠢ ᠶᠢᠨ ᠬᠤᠪᠢᠷᠠᠭᠤᠯᠤᠯᠲᠠ ᠶᠢ ᠬᠦᠴᠦᠲᠡᠢ ᠠᠬᠢᠭᠤᠯᠵᠤ᠂ ᠠᠵᠤ ᠠᠬᠤᠢ ᠶᠢᠨ ᠦᠷᠬᠦᠯᠵᠢᠯᠡᠬᠦᠶᠢᠴᠡ ᠬᠥᠭᠵᠢᠯᠲᠡ ᠶᠢ ᠠᠬᠢᠭᠤᠯᠵᠤ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠥᠳᠡᠯᠭᠡᠬᠦ ᠬᠦᠴᠦᠨ ᠨᠡᠮᠡᠷᠢᠯᠡᠬᠦ ᠪᠣᠯᠤᠨ᠎ᠠ᠃  
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号