ᠬᠤᠰᠢᠭᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠴᠢᠨᠠᠷᠯᠢᠭ ᠬᠥᠭᠵᠢᠯᠲᠡ ᠳᠤ ᠭᠤᠤᠯᠯᠠᠬᠤ ᠰᠠᠭᠤᠷᠢ ᠶᠢ ᠲᠠᠯᠪᠢᠵᠤ ᠦᠭᠬᠦᠭᠰᠡᠨ
ᠨᠡᠶᠢᠲᠡᠯᠡᠭᠰᠡᠨ ᠴᠠᠭ᠄
2024/8/31
     ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠬᠠᠪᠰᠤᠷᠤᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠲᠤᠰ ᠭᠠᠵᠠᠷ ᠣᠷᠣᠨ ᠤ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠮᠠᠨ ᠤ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠭᠠᠶᠢᠯᠢ ᠲᠠᠲᠠᠪᠤᠷᠢ ᠶᠢᠨ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠪᠠᠳᠠᠷᠠᠭᠤᠯᠵᠤ᠂ ᠡᠯ᠎ᠡ ᠲᠦᠷᠦᠯ ᠤᠨ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠤᠨ᠂ ᠭᠠᠶᠢᠯᠢ ᠲᠤᠰᠢᠶᠠᠬᠤ ᠦᠢᠯᠡᠴᠢᠯᠡᠭᠡᠨ ᠤ ᠬᠢᠷᠢ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠵᠦ᠂ ᠥᠷᠭᠡᠨ ᠣᠯᠠᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠦᠨᠡᠨ ᠬᠦ ᠪᠣᠳᠠᠲᠤ ᠶᠠᠪᠤᠳᠠᠯ ᠬᠢᠵᠦ᠂ ᠳᠠᠷᠤᠭᠠᠰᠤ ᠶᠢ ᠨᠢ ᠬᠦᠩᠭᠡᠷᠡᠬᠦᠯᠦᠨ᠂ ᠳᠥᠭᠦᠮ ᠤᠶᠢᠯᠡᠴᠢᠯᠡᠭᠡ ᠦᠵᠡᠬᠦᠯᠵᠦ᠂ ᠪᠦᠬᠦ ᠬᠤᠰᠢᠭᠤᠨ ᠤ ᠠᠵᠤ ᠠᠬᠤᠢ ᠶᠢᠨ ᠴᠢᠨᠠᠷᠯᠢᠭ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃      ᠣᠶᠢᠷ᠎ᠠ ᠶᠢᠨ ᠬᠤᠭᠤᠴᠠᠭᠠᠨ ᠳᠤ᠂ ᠮᠠᠨ ᠤ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠭᠠᠶᠢᠯᠢ ᠲᠤᠰᠢᠶᠠᠭᠴᠢ ᠪᠤᠯᠤᠨ ᠰᠦᠢᠳᠬᠡᠯ ᠳᠤᠰᠢᠶᠠᠭᠴᠢ ᠪᠠᠷ ᠭᠤᠣᠯ ᠪᠣᠯᠭᠠᠵᠤ᠂ ᠭᠠᠶᠢᠯᠢ ᠲᠤᠰᠢᠶᠠᠬᠤ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠬᠦᠯᠬᠦ ᠪᠠᠷ ᠬᠥᠳᠡᠯᠭᠡᠭᠦᠷ ᠪᠣᠯᠭᠠᠵᠤ᠂ ︽ᠭᠠᠶᠢᠯᠢ ᠳᠠᠳᠠᠪᠤᠷᠢ ᠶᠢᠨ ᠲᠦᠷᠦ  ᠶᠢᠨ ᠪᠤᠳᠤᠯᠭ᠎ᠠ ᠶᠢᠨ ᠤᠬᠠᠭᠤᠯᠭ᠎ᠠ︾ ᠶᠢᠨ ᠠᠵᠢᠯᠯᠠᠭ᠎ᠠ ᠥᠷᠨᠢᠭᠦᠯᠵᠦ᠂ ᠬᠤᠰᠢᠭᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠭᠠᠶᠢᠯᠢ ᠶᠢᠨ ᠰᠤᠷᠳᠠᠯ ᠤᠬᠠᠭᠤᠯᠭ᠎ᠠ ᠶᠢᠨ ᠳᠤᠭᠤᠶᠢᠯᠠᠩ ᠪᠠᠶᠢᠭᠤᠯᠤᠨ᠂ ᠥᠪᠥᠷ ᠮᠣᠩᠭᠤᠯ ᠤᠨ ᠰᠥᠨᠢᠳ ᠲᠡᠮᠡᠭᠡᠨ ᠤ ᠦᠢᠯᠡᠰ ᠤᠨ ᠠᠮᠢᠳᠤ ᠪᠣᠳᠠᠰ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢ ᠤᠬᠠᠭᠤᠯᠵᠤ᠂ ᠠᠵᠤ ᠠᠬᠤᠶᠢᠯᠠᠯ ᠤᠨ ᠭᠠᠶᠢᠯᠢ ᠳᠤ ᠬᠤᠯᠪᠣᠭᠳᠠᠭᠰᠠᠨ ᠭᠤᠶᠤᠴᠢᠯᠠᠯ ᠢ ᠣᠶᠢᠯᠠᠭᠠᠵᠤ᠂ ᠭᠠᠶᠢᠯᠢ ᠲᠠᠲᠠᠪᠤᠷᠢ ᠶᠢᠨ ᠠᠰᠠᠭᠤᠳᠠᠯ ᠢ ᠬᠠᠪᠰᠤᠷᠤᠨ ᠵᠢᠯᠣᠭᠤᠳᠤᠭᠰᠠᠨ ᠪᠠᠶᠢᠨ᠎ᠠ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠳᠠᠭᠠᠭᠤᠯᠭ᠎ᠠ ᠳᠣᠣᠷ᠎ᠠ ᠬᠠᠮᠲᠤ ᠪᠠᠷ ᠦᠢᠯᠡᠳᠪᠦᠷᠢ ᠶᠢᠨ ᠳᠠᠰᠤᠭ ᠢ ᠲᠣᠭᠤᠷᠢᠨ ᠦᠵᠡᠵᠦ᠂ ᠦᠢᠯᠡᠳᠬᠦᠨ ᠤ ᠰᠤᠳᠤᠯᠤᠨ ᠨᠡᠭᠡᠭᠡᠬᠦ᠂ ᠮᠡᠷᠭᠡᠵᠢᠯ ᠤᠨ ᠬᠡᠷᠡᠭᠯᠡᠯᠲᠡ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ᠂ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡ ᠵᠡᠷᠭᠡ ᠪᠠᠶᠢᠳᠠᠯ ᠢ ᠣᠶᠢᠯᠠᠭᠠᠪᠠ᠃ ᠥᠪᠥᠷ ᠮᠣᠩᠭᠤᠯ ᠤᠨ ᠰᠥᠨᠢᠳ ᠲᠡᠮᠡᠭᠡᠨ ᠤ ᠦᠢᠯᠡᠰ ᠤᠨ ᠠᠮᠢᠳᠤ ᠪᠣᠳᠠᠰ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ᠂ ᠴᠠᠭᠠᠨ ᠢᠳᠡᠭᠡᠨ᠂ ᠤᠯᠠᠭᠠᠨ ᠢᠳᠡᠭᠡᠨ ᠤ ᠪᠦᠲᠦᠭᠡᠭᠳᠡᠬᠦᠨ ᠦᠢᠯᠡᠳᠪᠦᠷᠢᠯᠡᠬᠦ ᠵᠢᠴᠢ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠠᠵᠤ ᠠᠬᠤᠶᠢᠯᠠᠯ ᠪᠣᠯᠤᠨ᠎ᠠ᠂ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠬᠦ ᠵᠢᠴᠢ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠪᠦᠬᠦᠯᠢ ᠡᠳᠦᠷ ᠤᠨ ᠬᠠᠮᠢᠶᠠᠷᠤᠯᠲᠠ ᠦᠢᠯᠡᠴᠢᠯᠡᠭᠡ ᠪᠠᠷ ᠳᠠᠮᠵᠢᠭᠤᠯᠤᠨ᠂ ᠰᠢᠨ᠎ᠡ ᠶᠢ ᠡᠭᠦᠳᠦᠨ ᠬᠥᠭᠵᠢᠭᠦᠯᠬᠦ ᠡᠷᠡᠰ ᠵᠣᠷᠢᠭ ᠪᠠ ᠬᠥᠳᠡᠯᠭᠡᠬᠦ ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠪᠠ᠃      ᠥᠪᠥᠷ ᠮᠣᠩᠭᠤᠯ ᠤᠨ ᠮᠧᠩ ᠭᠥᠸᠧ ᠯᠧ ᠤᠯᠠᠭᠠᠨ ᠢᠳᠡᠭᠡᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ᠂ ᠭᠠᠶᠢᠯᠢ ᠶᠢᠨ ᠰᠤᠷᠳᠠᠯ ᠤᠬᠠᠭᠤᠯᠭ᠎ᠠ ᠶᠢᠨ ᠳᠤᠭᠤᠶᠢᠯᠠᠩ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠬᠠᠷᠢᠭᠤᠴᠠᠯᠭᠠᠲᠠᠨ ᠲᠠᠢ ᠶᠠᠷᠢᠯᠴᠠᠨ ᠰᠣᠯᠢᠯᠴᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠪᠠ ᠭᠠᠶᠢᠯᠢ ᠲᠠᠲᠠᠪᠤᠷᠢ ᠶᠢᠨ ᠪᠠᠶᠢᠳᠠᠯ ᠵᠢᠴᠢ ᠠᠵᠤ ᠠᠬᠤᠶᠢᠯᠠᠯ ᠤᠨ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠠᠵᠢᠯ ᠤᠨ ᠲᠤᠬᠠᠢ ᠰᠠᠨᠠᠯ ᠰᠠᠨᠠᠭᠤᠯᠭ᠎ᠠ ᠶᠢ ᠨᠠᠷᠢᠨ ᠣᠶᠢᠯᠠᠭᠠᠬᠤ ᠶᠢᠨ ᠬᠠᠮᠲᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠰᠠᠨᠠᠭᠠᠴᠢᠯᠠᠭ᠎ᠠ ᠠᠴᠠ ᠪᠠᠨ ᠡᠯ᠎ᠡ ᠵᠦᠢᠯ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠬᠦ ᠶᠢᠨ ᠬᠠᠮᠲᠤ ᠭᠠᠶᠢᠯᠢ ᠪᠤᠴᠠᠭᠠᠬᠤ ᠭᠠᠶᠢᠯᠢ ᠶᠢ ᠬᠥᠩᠭᠡᠯᠡᠬᠦ ᠶᠢ ᠭᠦᠢᠴᠡᠳᠬᠡᠬᠦ᠂ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠮᠠᠳᠠᠭ ᠲᠠᠢ ᠠᠰᠠᠭᠤᠳᠠᠯ ᠳᠤ ᠬᠠᠷᠢᠭᠤᠯᠲᠠ ᠥᠭᠴᠦ ᠬᠠᠪᠰᠤᠷᠤᠨ ᠵᠢᠯᠣᠭᠤᠳᠪᠠ᠃      ᠣᠳᠣᠬᠠᠨ ᠪᠣᠯᠲᠠᠯ᠎ᠠ᠂ ᠮᠠᠨ ᠤ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠡᠶᠢᠲᠡ 600 ᠭᠠᠷᠤᠢ ᠭᠠᠶᠢᠯᠢ ᠲᠤᠰᠢᠶᠠᠭᠴᠢ ᠶᠢᠨ ᠰᠠᠨᠠᠯ ᠰᠠᠨᠠᠭᠤᠯᠭ᠎ᠠ ᠶᠢ ᠰᠤᠨᠤᠰᠴᠦ᠂ 15 ᠠᠰᠠᠭᠤᠳᠠᠯ ᠢ ᠬᠦᠯᠢᠶᠠᠨ ᠠᠪᠴᠦ ᠰᠢᠢᠳᠪᠦᠷᠢᠯᠡᠪᠡ᠃ 2024 ᠣᠨ ᠠᠴᠠ ᠨᠠᠰᠢ᠂ ᠮᠠᠨ ᠤ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠦᠬᠦ ᠬᠤᠰᠢᠭᠤᠨ ᠤ 31 ᠬᠤᠷᠰᠢᠶᠠᠵᠢᠯ ᠤᠨ ᠡᠯ᠎ᠡ ᠲᠥᠷᠥᠯ ᠤᠨ ᠭᠠᠶᠢᠯᠢ ᠰᠦᠢᠳᠬᠡᠯ ᠢ 35 ᠲᠦᠮᠡᠨ ᠲᠥᠭᠦᠷᠢᠭ ᠬᠠᠰᠤᠵᠤ ᠬᠡᠯᠲᠦᠷᠢᠭᠦᠯᠪᠡ᠃ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠨᠢ ᠠᠯᠤᠰ ᠠᠴᠠ ᠬᠠᠪᠰᠤᠷᠤᠨ ᠵᠢᠯᠤᠭᠤᠳᠬᠤ ᠬᠡᠯᠪᠡᠷᠢ ᠪᠠᠷ ᠳᠠᠮᠵᠢᠵᠦ᠂ ᠠᠵᠦ ᠠᠬᠤᠶᠢᠯᠠᠯ ᠤᠨ ᠤᠶᠢᠯᠡᠳᠪᠦᠷᠢᠯᠡᠯ ᠡᠵᠡᠩᠨᠡᠯᠳᠡ᠂ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠵᠡᠷᠭᠡ ᠪᠠᠶᠢᠳᠠᠯ ᠢ ᠤᠶᠢᠯᠠᠭᠠᠨ᠂ ᠨᠠᠷᠢᠨ ᠨᠢᠮᠪᠠᠢ ᠲᠠᠶᠢᠯᠤᠮᠵᠢ ᠬᠢᠵᠦ᠂ ᠠᠵᠤ ᠠᠬᠤᠶᠢᠯᠠᠯ ᠢ ᠬᠠᠪᠰᠤᠷᠤᠨ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠬᠥᠳᠡᠯᠭᠡᠬᠦ ᠬᠦᠴᠦᠨ ᠢ ᠨᠡᠮᠡᠭᠳᠡᠬᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠦᠴᠢᠷ ᠢ ᠰᠦᠷᠦᠨ ᠤᠷᠤᠭᠰᠢᠯᠠᠬᠤ᠂ ᠡᠷᠡᠭᠦᠯ ᠢᠶᠠᠷ ᠬᠥᠭᠵᠢᠬᠦ ᠳᠤ ᠬᠦᠴᠦᠨ ᠨᠡᠮᠡᠷᠢᠯᠡᠵᠦ᠂ ᠠᠵᠤ ᠠᠬᠤᠢ ᠶᠢᠨ ᠰᠡᠷᠭᠦᠯᠲᠡ ᠶᠢᠨ ᠰᠠᠭᠤᠷᠢ ᠶᠢ ᠪᠠᠬᠢᠵᠢᠭᠦᠯᠬᠦ᠂ ᠣᠷᠣᠨ ᠨᠤᠲᠤᠭ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠳᠤ ᠬᠦᠴᠦᠲᠡᠢ ᠭᠠᠶᠢᠯᠢ ᠶᠢᠨ ᠶᠠᠪᠤᠳᠠᠯ ᠤᠨ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃      ᠳᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠡᠯ᠎ᠡ ᠵᠦᠢᠯ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ ᠪᠠᠨ ᠴᠢᠩᠭᠠᠳᠬᠠᠨ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠠ ᠥᠷᠭᠡᠨ ᠣᠯᠠᠨ ᠭᠠᠶᠢᠯᠢ ᠲᠤᠰᠢᠶᠠᠭᠴᠢ ᠶᠢᠨ ᠭᠠᠶᠢᠯᠢ ᠭᠦᠢᠴᠡᠳᠬᠡᠬᠦ ᠶᠠᠪᠤᠴᠠ ᠳᠠᠬᠢ ᠲᠦᠭᠵᠢᠷᠡᠯ ᠤᠨ ᠴᠡᠭ ᠲᠤ ᠦᠷᠭᠦᠯᠵᠢᠯᠡᠨ ᠬᠠᠨᠳᠤᠯᠭᠠᠲᠤ ᠴᠢᠨᠠᠷ ᠲᠠᠢ ᠪᠠᠷ᠂ ᠪᠠᠶᠢᠩᠭᠤᠵᠢᠭᠤᠯᠤᠭᠰᠠᠨ ᠬᠦᠴᠦᠲᠡᠢ ᠠᠷᠭ᠎ᠠ ᠬᠡᠮᠵᠢᠶ᠎ᠡ ᠠᠪᠴᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠠᠵᠤ ᠦᠢᠯᠡᠰ ᠲᠤ ᠠᠩᠬᠠᠷᠤᠯ ᠢᠶᠠᠨ ᠲᠦᠪᠯᠡᠷᠡᠬᠦᠯᠦᠨ᠂ ᠭᠤᠣᠯ ᠠᠵᠢᠯ ᠢᠶᠠᠨ ᠨᠠᠷᠢᠯᠢᠭ ᠬᠢᠬᠦ ᠵᠠᠮ ᠳᠡᠭᠡᠷ᠎ᠡ ᠢᠲᠡᠭᠡᠯ ᠵᠣᠷᠢᠭ ᠢᠶᠠᠨ ᠨᠡᠩ ᠭᠦᠢᠴᠡᠳ ᠪᠣᠯᠭᠠᠵᠤ᠂ ᠤᠯᠠᠮ ᠯᠠᠪᠳᠠᠭᠤᠨ ᠭᠦᠢᠴᠡᠳᠬᠡᠵᠦ᠂ ᠪᠣᠳᠠᠲᠤ ᠬᠦᠴᠦᠨ ᠢᠶᠠᠨ ᠨᠡᠩ ᠴᠢᠩᠭ᠎ᠠ ᠪᠣᠯᠭᠠᠬᠤ ᠪᠠᠷ ᠴᠢᠷᠮᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号