ᠪᠦᠬᠦ ᠬᠤᠰᠢᠭᠤᠨ ᠤ ᠰᠤᠷᠭᠠᠨ ᠬᠦᠮᠦᠵᠢᠯ ᠤᠨ ᠰᠢᠰᠲ᠋ᠧᠮ ᠤᠨ ᠪᠠᠭᠰᠢ ᠶᠢᠨ ᠪᠠᠶᠠᠷ ᠢ ᠪᠡᠯᠭᠡᠯᠡᠬᠦ ᠠᠵᠢᠯᠯᠠᠭ᠎ᠠ ᠵᠢᠴᠢ 2024 ᠤᠨ ᠤ ︽ᠳᠤᠮᠳᠠᠳᠤ ᠤᠯᠤᠰ ᠤᠨ ᠠᠭᠠᠷ ᠠᠶᠠᠯᠠᠯ ᠤᠨ ᠬᠦᠬᠡ ᠤᠭᠳᠠᠷᠭᠤᠢ ᠰᠤᠷᠭᠠᠨ ᠬᠦᠮᠦᠵᠢᠯ ᠤᠨ ᠰᠠᠭᠤᠷᠢ ᠮᠦᠩᠭᠦ︾ ᠳᠠᠷᠬᠠᠭᠠᠬᠤ ᠶᠤᠰᠤᠯᠠᠯ ᠶᠠᠪᠤᠭᠳᠠᠭᠰᠠᠨ
ᠨᠡᠶᠢᠲᠡᠯᠡᠭᠰᠡᠨ ᠴᠠᠭ᠄
2024/9/10
     40 ᠳᠠᠬᠢ ᠪᠦᠬᠦ ᠤᠯᠤᠰ ᠤᠨ ᠪᠠᠭᠰᠢ ᠶᠢᠨ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠪᠦᠬᠦ ᠬᠤᠰᠢᠭᠤᠨ ᠤ ᠰᠤᠷᠭᠠᠨ ᠬᠦᠮᠦᠵᠢᠯ ᠤᠨ ᠰᠢᠰᠲ᠋ᠧᠮ ᠤᠨ ᠪᠠᠭᠰᠢ ᠶᠢᠨ ᠪᠠᠶᠠᠷ ᠢ ᠪᠡᠯᠭᠡᠯᠡᠬᠦ ᠠᠵᠢᠯᠯᠠᠭ᠎ᠠ ᠵᠢᠴᠢ 2024 ᠤᠨ ᠤ ︽ᠳᠤᠮᠳᠠᠳᠤ ᠤᠯᠤᠰ ᠤᠨ ᠠᠭᠠᠷ ᠠᠶᠠᠯᠠᠯ ᠤᠨ ᠬᠦᠬᠡ ᠤᠭᠳᠠᠷᠭᠤᠢ ᠰᠤᠷᠭᠠᠨ ᠬᠦᠮᠦᠵᠢᠯ ᠤᠨ ᠰᠠᠭᠤᠷᠢ ᠮᠦᠩᠭᠦ︾ ᠳᠠᠷᠬᠠᠭᠠᠬᠤ ᠶᠤᠰᠤᠯᠠᠯ ᠬᠤᠰᠢᠭᠤ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠮᠡᠳᠡᠭᠦᠯᠦᠯᠲᠡ  ᠶᠢᠨ ᠲᠢᠩᠬᠢᠮ ᠳᠤ ᠶᠠᠪᠤᠭᠳᠠᠵᠤ᠂ ᠪᠦᠬᠦ ᠬᠤᠰᠢᠭᠤᠨ ᠤ ᠪᠠᠭᠰᠢ ᠠᠵᠢᠯᠳᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠬᠦᠨᠳᠦᠳᠬᠡᠯ ᠳᠡᠪᠰᠢᠬᠦᠯᠵᠡᠢ᠃      ᠬᠤᠰᠢᠭᠤ ᠤᠳᠤᠷᠢᠳᠤᠯᠭ᠎ᠠ ᠴᠧᠨ ᠢᠦᠢ ᠴᠧᠩ᠂ ᠸᠠᠩ ᠵᠠᠨ ᠴᠢ᠂ ᠮᠥᠷᠡᠨ᠂ ᠳᠠᠯᠠᠨᠪᠠᠶᠠᠷ᠂ ᠲᠠᠩ ᠸᠧᠨ ᠱᠧᠩ᠂ ᠯᠢ ᠵᠢᠶ ᠹᠧᠩ᠂ ᠨᠠᠷᠠᠰᠤ ᠵᠢᠴᠢ ᠬᠤᠰᠢᠭᠤ ᠰᠤᠷᠭᠠᠨ ᠬᠥᠮᠦᠵᠢᠯ ᠤᠨ ᠲᠣᠪᠴᠢᠶᠠᠨ ᠤ ᠪᠦᠬᠦ ᠪᠠᠭ ᠤᠨ ᠪᠦᠷᠢᠯᠳᠦᠬᠦᠨ᠂ ᠡᠯ᠎ᠡ ᠲᠠᠰᠤᠭ ᠤᠨ ᠬᠠᠷᠢᠭᠤᠴᠠᠯᠭᠠᠲᠠᠨ᠂ ᠪᠦᠬᠦ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ  ᠶᠢᠨ ᠵᠠᠬᠢᠷᠤᠯ᠂ ᠬᠡᠦᠬᠡᠳ ᠤᠨ ᠴᠡᠴᠡᠷᠯᠢᠭ ᠤᠨ ᠳᠠᠷᠤᠭ᠎ᠠ᠂ ᠰᠤᠷᠭᠠᠨ ᠬᠥᠮᠦᠵᠢᠯ ᠤᠨ ᠲᠥᠪ᠂ ᠵᠠᠯᠠᠭᠤᠴᠤᠳ ᠪᠠᠭᠠᠴᠤᠳ ᠤᠨ ᠬᠥᠳᠡᠯᠭᠡᠭᠡᠨ ᠤ ᠲᠥᠪ ᠤᠨ ᠡᠷᠬᠢᠯᠡᠭᠴᠢ ᠵᠢᠴᠢ ᠪᠦᠬᠦ ᠬᠥᠬᠢᠭᠦᠯᠦᠯ ᠬᠦᠷᠲᠡᠭᠰᠡᠨ ᠪᠠᠭᠰᠢ ᠨᠠᠷ ᠠᠵᠢᠯᠯᠠᠭ᠎ᠠ ᠳᠤ ᠤᠷᠤᠯᠴᠠᠵᠠᠢ᠃      ᠬᠤᠰᠢᠭᠤ ᠰᠤᠷᠭᠠᠨ ᠬᠥᠮᠦᠵᠢᠯ ᠤᠨ ᠳᠤᠪᠴᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠲᠤᠬᠠᠶ ᠶᠢᠨ ᠲᠠᠯᠠᠪᠠᠢ ᠳᠤ ᠮᠠᠨ ᠤ ᠬᠤᠰᠢᠭᠤᠨ ᠤ ᠰᠤᠷᠭᠠᠨ ᠬᠥᠮᠦᠵᠢᠯ ᠤᠨ ᠦᠶᠯᠡᠰ ᠤᠨ ᠬᠥᠭᠵᠢᠯᠲᠡ ᠶᠢ ᠳᠡᠮᠵᠢᠭᠰᠡᠭᠡᠷ ᠢᠷᠡᠭᠰᠡᠨ ᠳᠤᠮᠳᠠᠳᠤ ᠤᠯᠤᠰ ᠤᠨ ᠠᠭᠠᠷ ᠠᠶᠠᠯᠠᠯ ᠤᠨ ᠪᠦᠯᠦᠭᠯᠡᠯ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠥᠮᠦᠰ  ᠲᠤ ᠴᠢᠩ ᠰᠡᠳᠬᠢᠯ ᠤᠨ ᠲᠠᠯᠠᠷᠬᠠᠯ ᠳᠡᠪᠰᠢᠬᠦᠯᠦᠭᠰᠡᠨ ᠤ ᠬᠠᠮᠳᠤ ᠰᠤᠷᠭᠠᠨ ᠬᠥᠮᠦᠵᠢᠯ ᠤᠨ ᠹᠷᠣᠨᠲ ᠳᠡᠭᠡᠷ᠎ᠡ ᠰᠢᠷᠭᠠᠭᠤ ᠬᠠᠲᠠᠭᠤᠵᠢᠯᠲᠠᠶ ᠠᠵᠢᠯᠯᠠᠵᠤ ᠪᠠᠶᠢᠭ᠎ᠠ ᠥᠷᠭᠡᠨ ᠣᠯᠠᠨ ᠪᠠᠭᠰᠢᠨᠠᠷ ᠪᠣᠯᠤᠨ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠡᠷᠬᠢᠮ ᠳᠡᠭᠡᠳᠦ ᠬᠦᠨᠳᠦᠳᠬᠡᠯ ᠳᠡᠪᠰᠢᠭᠦᠯᠪᠡ᠃      ᠣᠯᠠᠨ ᠵᠢᠯ ᠤᠨ ᠲᠤᠷᠰᠢ᠂ ᠬᠤᠰᠢᠭᠤ ᠳᠥᠷᠪᠡᠨ ᠶᠡᠭᠡ ᠤᠳᠤᠷᠢᠳᠬᠤ ᠪᠠᠭ ᠰᠤᠷᠭᠠᠨ ᠬᠥᠮᠦᠵᠢᠯ ᠤᠨ ᠠᠵᠢᠯ  ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠰᠤᠷᠭᠠᠨ ᠬᠥᠮᠦᠵᠢᠯ ᠤᠨ ᠦᠶᠯᠡᠰ ᠢ ᠣᠷᠢᠳᠠᠪᠠᠷ ᠬᠥᠭᠵᠢᠭᠦᠯᠬᠦ  ᠶᠢ ᠪᠠᠷᠢᠮᠲᠠᠯᠠᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠᠷ ᠭᠤᠤᠯᠳᠠᠯᠭ᠎ᠠ ᠪᠣᠯᠭᠠᠵᠤ᠂ ᠰᠤᠷᠭᠠᠭᠤᠯᠢ ᠡᠷᠭᠢᠯᠡᠬᠦ ᠨᠥᠬᠦᠴᠡᠯ ᠢ ᠬᠦᠴᠦᠯᠡᠨ ᠰᠠᠶᠢᠵᠢᠷᠠᠭᠤᠯᠵᠤ᠂ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠨᠡᠶᠢᠭᠡᠮ ᠤᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠵᠤ᠂ ᠰᠤᠷᠭᠠᠨ ᠬᠥᠮᠦᠵᠢᠯ  ᠤᠨ ᠪᠠᠶᠢᠭᠤᠯᠤᠯ ᠤᠨ ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠂ ᠰᠤᠷᠭᠠᠨ ᠬᠥᠮᠦᠵᠢᠯ ᠤᠨ ᠡᠷᠬᠡ ᠲᠡᠭᠰᠢ ᠶᠢ ᠶᠡᠬᠡᠪᠡᠷ ᠠᠬᠢᠭᠤᠯᠵᠤ᠂ ᠰᠤᠷᠭᠠᠨ ᠬᠥᠮᠦᠵᠢᠯ ᠤᠨ ᠦᠶᠯᠡᠰ ᠤᠨ ᠬᠥᠭᠵᠢᠯᠲᠡ ᠶᠢᠨ ᠰᠢᠨ᠎ᠡ ᠳᠡᠭᠲᠡᠷ  ᠲᠤ ᠭᠠᠷᠬᠤ᠂ ᠬᠢᠷᠢ ᠲᠦᠪᠰᠢᠨ ᠳᠤ ᠬᠦᠷᠬᠦ ᠶᠢ ᠠᠬᠢᠭᠤᠯᠪᠠ᠃ ᠡᠨᠡ ᠵᠢᠯ᠂ ᠮᠠᠨ ᠤ ᠬᠤᠰᠢᠭᠤ 9 ᠳᠤᠮᠳᠠᠳᠤ ᠪᠠᠭ᠎ᠠ ᠰᠤᠷᠭᠠᠭᠤᠯᠢ ᠳᠤ 2024 ᠣᠨ ᠤ ᠬᠤᠰᠢᠭᠤ ᠲᠠᠰ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠠᠬᠢᠭᠤᠯᠬᠤ ᠱᠠᠩᠨᠠᠯ ᠤᠯᠭᠤᠵᠤ᠂ ᠱᠠᠩᠨᠠᠯ ᠤᠨ ᠮᠥᠩᠭᠦ ᠶᠢᠨ ᠶᠡᠷᠦᠩᠬᠡᠶ ᠲᠤᠭ᠎ᠠ 45 ᠲᠦᠮᠡᠨ ᠲᠥᠭᠦᠷᠢᠭ ᠲᠤ ᠬᠦᠷᠦᠭᠰᠡᠨ ᠪᠠᠶᠢᠨ᠎ᠠ᠃      ᠠᠵᠢᠯᠯᠠᠭᠠᠨ ᠤ ᠲᠤᠬᠠᠶ ᠶᠢᠨ ᠲᠠᠯᠠᠪᠠᠶ ᠳᠤ᠂ 40 ᠵᠢᠯ ᠠᠵᠢᠯᠯᠠᠭᠰᠠᠨ ᠪᠠᠭᠰᠢ ᠠᠵᠢᠯᠲᠠᠨ᠂ ᠰᠢᠯᠢᠳᠡᠭ ᠰᠤᠷᠭᠠᠭᠤᠯᠢ ᠶᠢᠨ ᠵᠠᠬᠢᠷᠤᠯ᠂ ᠠᠶᠢᠮᠠᠭ ᠬᠤᠰᠢᠭᠤ ᠬᠤᠶᠠᠷ ᠱᠠᠲᠤᠨ ᠤ ︽ᠬᠤᠶᠠᠷ ᠰᠢᠯᠢᠳᠡᠭ ᠨᠢᠭᠡ ᠲᠡᠷᠢᠭᠦᠨ︾ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠰᠢᠯᠢᠳᠡᠭ ᠨᠠᠮ ᠤᠨ ᠭᠡᠰᠢᠭᠦᠨ᠂ ᠰᠢᠯᠢᠳᠡᠭ ᠨᠠᠮ ᠤᠨ ᠠᠵᠢᠯᠲᠠᠨ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠰᠢᠯᠢᠳᠡᠭ ᠨᠠᠮ  ᠤᠨ ᠠᠵᠢᠯᠲᠠᠨ᠂ ᠪᠥᠬᠦ ᠬᠤᠰᠢᠭᠤᠨ ᠤ ᠰᠢᠯᠢᠳᠡᠭ ᠶᠣᠰᠣ ᠰᠤᠷᠲᠠᠬᠤᠨ ᠤ ᠬᠥᠮᠦᠵᠢᠯ ᠤᠨ ᠠᠵᠢᠯᠲᠠᠨ᠂ ᠰᠢᠯᠢᠳᠡᠭ ᠰᠤᠷᠭᠠᠨ ᠬᠥᠮᠦᠵᠢᠯ ᠤᠨ ᠠᠵᠢᠯᠲᠠᠨ᠂ ᠵᠢᠭᠠᠨ ᠰᠤᠷᠭᠠᠯᠲᠠ ᠶᠢᠨ ᠠᠮᠵᠢᠯᠲᠠ ᠪᠦᠲᠦᠮᠵᠢ ᠪᠠᠷ ᠲᠣᠪᠣᠶᠢᠮ᠎ᠠ ᠪᠠᠭᠰᠢ᠂ ᠰᠢᠯᠢᠳᠡᠭ ᠪᠠᠭᠰᠢ᠂ ᠰᠢᠯᠢᠳᠡᠭ ᠠᠩᠭᠢ ᠶᠢᠨ ᠡᠷᠬᠢᠯᠡᠭᠴᠢ ᠶᠢ ᠬᠥᠬᠢᠭᠦᠯᠦᠨ ᠰᠠᠶᠢᠰᠢᠶᠠᠪᠠ᠃ ᠡᠬᠦᠨ ᠤ ᠬᠠᠮᠲᠤ᠂ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠤᠶᠠᠩᠭ᠎ᠠ ᠳᠠᠭᠤᠤ ᠤᠷᠠᠨ ᠪᠦᠵᠢᠭ ᠢᠶᠠᠨ ᠡᠷᠬᠦᠨ ᠪᠠᠷᠢᠵᠤ᠂ ᠪᠠᠭᠰᠢᠨᠠᠷ ᠲᠤ ᠴᠢᠩ ᠦᠨᠡᠨᠴᠢ ᠪᠠᠶᠠᠷ ᠤᠨ ᠡᠳᠦᠷ ᠤᠨ ᠵᠥᠩᠨᠡᠯ ᠢᠶᠠᠨ ᠳᠡᠪᠰᠢᠭᠦᠯᠪᠡ᠃      ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠠᠴᠠ ᠨᠠᠰᠢ᠂ ᠮᠠᠨ ᠤ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠢᠵᠢᠮ ᠲᠠᠢ ᠨᠢᠭᠲᠠ ᠤᠶᠠᠯᠳᠤᠭᠤᠯᠤᠨ᠂ ᠰᠤᠷᠭᠠᠨ ᠬᠥᠮᠦᠵᠢᠯ ᠤᠨ ᠦᠶᠯᠡᠰ ᠤᠨ ᠰᠢᠨ᠎ᠡ ᠰᠢᠪᠲᠤᠯᠤᠯᠲᠠ ᠲᠠᠢ ᠪᠣᠯᠬᠤ ᠶᠢ ᠦᠷᠭᠦᠯᠵᠢᠯᠡᠨ ᠠᠬᠢᠭᠤᠯᠵᠤ᠂ ᠪᠦᠯᠦᠭ ᠪᠦᠯᠦᠭ ᠲᠥᠷᠥᠯ ᠵᠦᠶᠯ ᠢ ᠵᠠᠯᠭᠠᠭ᠎ᠠ ᠪᠠᠷ ᠠᠰᠢᠭᠯᠠᠯᠲᠠ ᠳᠤ ᠣᠷᠣᠭᠤᠯᠬᠤ ᠪᠠ ᠪᠠᠷᠢᠯᠭ᠎ᠠ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠪᠡᠶᠡᠯᠡᠭᠦᠯᠵᠦ᠂ ᠨᠤᠮ ᠰᠣᠶᠣᠯ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠥᠬᠦ ᠠᠶᠢᠮᠠᠭ ᠲᠤ ᠳᠡᠯᠭᠡᠷᠡᠭᠦᠯᠦᠨ ᠬᠡᠷᠡᠭᠯᠡᠵᠦ᠂ ᠳᠤᠮᠳᠠᠳᠤ ᠰᠤᠷᠭᠠᠭᠤᠯᠢ ᠪᠠ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠢᠷᠢ ᠪᠦᠲᠦᠮᠵᠢ ᠪᠠᠷ ᠣᠯᠠᠨ ᠵᠢᠯ ᠳᠠᠷᠠᠭᠠᠯᠠᠨ ᠪᠥᠬᠦ ᠠᠶᠢᠮᠠᠭ ᠤᠨ ᠡᠮᠦᠨ᠎ᠡ ᠡᠩᠨᠡᠭᠡᠨ ᠳᠤ ᠤᠷᠤᠵᠤ᠂ ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠠᠵᠢᠯ ᠪᠠᠲᠤ ᠴᠢᠩᠭ᠎ᠠ ᠬᠦᠴᠦᠨ ᠲᠠᠢ ᠪᠠᠶᠢᠵᠤ᠂ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠡᠷᠴᠢ ᠵᠣᠷᠢᠭ ᠢ ᠢᠮᠠᠭᠲᠠ ᠪᠠᠷᠢᠮᠲᠠᠯᠠᠵᠤ᠂ ᠠᠷᠠᠳ ᠲᠦᠮᠡᠨ ᠤ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ ᠤᠯᠵᠤ ᠪᠤᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号