ᠸᠠᠩ ᠵᠠᠨ ᠴᠢ ᠵᠢᠷᠦᠬᠡ ᠪᠠᠯᠭᠠᠰᠤᠨ ᠤ ᠤᠯᠠᠭᠠᠨ ᠲᠣᠰᠬᠤᠨ ᠳᠤ ᠬᠦᠷᠴᠦ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠳᠠᠶᠢᠯᠪᠤᠷᠢᠯᠠᠭᠰᠠᠨ
ᠨᠡᠶᠢᠲᠡᠯᠡᠭᠰᠡᠨ ᠴᠠᠭ᠄
2024/9/10
     9 ᠰᠠᠷ᠎ᠠ ᠶᠢᠨ 9 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠸᠠᠩ ᠵᠠᠨ ᠴᠢ ᠵᠢᠷᠦᠬᠡ ᠪᠠᠯᠭᠠᠰᠤᠨ ᠤ ᠤᠯᠠᠭᠠᠨ ᠲᠣᠰᠬᠤᠨ ᠳᠤ ᠬᠦᠷᠴᠦ᠂ ᠦᠨᠳᠦᠰᠦᠨ ᠱᠠᠲᠤᠨ ᠤ ᠺᠠᠳ᠋ᠷ᠂ ᠨᠠᠮ ᠤᠨ ᠭᠡᠰᠢᠭᠦᠨ ᠣᠯᠠᠨ ᠲᠦᠮᠡᠨ ᠳᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃      ᠵᠢᠷᠦᠬᠡ ᠪᠠᠯᠭᠠᠰᠤᠨ ᠤ ᠤᠯᠠᠭᠠᠨ ᠲᠣᠰᠬᠤᠨ ᠤ ᠵᠥᠪᠯᠡᠯ ᠳᠤ᠂ ᠸᠠᠩ ᠵᠠᠨ ᠴᠢ ᠥᠪᠡᠷ ᠤᠨ ᠰᠤᠷᠤᠯᠴᠠᠭᠰᠠᠨ ᠣᠶᠢᠯᠠᠭᠠᠯᠲᠠ ᠲᠠᠢ ᠪᠠᠨ ᠤᠶᠠᠯᠳᠤᠭᠤᠯᠤᠨ᠂ ᠪᠥᠬᠦᠳᠡ ᠬᠤᠷᠠᠯ ᠠᠴᠠ ᠪᠠᠲᠤᠯᠠᠭᠰᠠᠨ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠢ ᠰᠢᠰᠲ᠋ᠧᠮ ᠲᠠᠢ ᠵᠠᠳᠠᠯᠤᠭᠰᠠᠨ ᠤ ᠬᠠᠮᠳᠤ ᠲᠣᠰᠬᠤᠨ ᠤ ︽ᠬᠤᠶᠠᠷ ᠵᠥᠪᠯᠡᠯ︾ ᠤᠨ ᠺᠠᠳ᠋ᠷ᠂ ᠨᠠᠮ ᠤᠨ ᠭᠡᠰᠢᠭᠦᠨ ᠣᠯᠠᠨ ᠲᠦᠮᠡᠨ ᠤ ᠲᠥᠯᠥᠭᠡᠯᠡᠭᠴᠢᠳ ᠲᠠᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠰᠤᠷᠤᠯᠴᠠᠨ ᠰᠠᠶᠢᠲᠤᠷ ᠨᠠᠶᠢᠳᠠᠪᠤᠷᠢᠵᠢᠭᠤᠯᠬᠤ ᠲᠤᠬᠠᠶ ᠰᠠᠨᠠᠯ ᠰᠣᠯᠢᠯᠴᠠᠪᠠ᠃      ᠸᠠᠩ ᠵᠠᠨ ᠴᠢ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠪᠣᠯ ᠴᠠᠭ ᠦᠶ᠎ᠡ ᠶᠢ ᠵᠠᠭᠠᠭᠯᠠᠭᠰᠠᠨ ᠠᠴᠢ ᠬᠤᠯᠪᠣᠭᠳᠠᠯ ᠲᠠᠢ ᠬᠤᠷᠠᠯ ᠪᠣᠯᠤᠨ᠎ᠠ᠂ ᠤᠯᠠᠮ ᠴᠢᠨᠠᠭᠰᠢᠳᠠ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ  ᠶᠢ ᠠᠬᠢᠭᠤᠯᠬᠤ ᠰᠢᠨ᠎ᠡ ᠵᠢᠷᠤᠭ ᠲᠥᠯᠥᠪᠯᠡᠭᠡ ᠶᠢ ᠵᠢᠷᠤᠭᠯᠠᠪᠠ᠃ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠳᠤᠤᠱᠯᠠᠭᠤᠯᠬᠤ ᠶᠢ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ ᠤᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠰᠤᠷᠤᠯᠴᠠᠨ ᠣᠶᠢᠯᠠᠭᠠᠬᠤ ᠲᠠᠢ ᠤᠶᠠᠯᠳᠤᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠬᠤᠳᠠ ᠬᠥᠳᠡᠭᠡ ᠶᠢᠨ ᠬᠠᠮᠳᠤᠷᠠᠨ ᠬᠥᠭᠵᠢᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠲᠦᠷᠭᠡᠳᠬᠡᠬᠦ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠤᠨᠴᠠᠯᠢᠬᠳᠤ ᠠᠵᠤ ᠦᠢᠯᠡᠰ ᠢ ᠬᠥᠭᠵᠢᠭᠦᠯᠵᠦ᠂ ᠮᠠᠯᠴᠢᠨ ᠳᠠᠷᠢᠶᠠᠴᠢᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠮᠠᠯᠴᠢᠨ ᠳᠠᠷᠢᠶᠠᠴᠢᠳ ᠤᠨ ᠠᠰᠢᠭ ᠲᠤᠰᠠ ᠶᠢ ᠰᠠᠶᠢᠲᠤᠷ ᠬᠠᠮᠠᠭᠠᠯᠠᠵᠤ᠂ ᠠᠷᠭ᠎ᠠ ᠪᠦᠬᠦᠨ ᠢ ᠰᠦᠪᠡᠭᠴᠢᠯᠡᠨ ᠮᠠᠯᠴᠢᠨ ᠳᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠤᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ ᠬᠡᠵᠦ ᠴᠢᠬᠤᠯᠠᠴᠢᠯᠠᠵᠠᠢ᠃  
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号