ᠮᠠᠨ ᠤ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠮᠡᠳᠡᠬᠦᠯᠦᠯᠳᠡ ᠶᠢᠨ ᠬᠤᠷᠠᠯ ᠬᠤᠷᠠᠯᠳᠤᠭᠤᠯᠤᠭᠰᠠᠨ
ᠨᠡᠶᠢᠲᠡᠯᠡᠭᠰᠡᠨ ᠴᠠᠭ᠄
2024/9/10
     ᠤᠶᠢᠷ᠎ᠠ ᠶᠢᠨ ᠡᠳᠦᠷ᠂ ᠬᠤᠰᠢᠭᠤ ᠰᠤᠷᠭᠠᠨ ᠬᠥᠮᠦᠵᠢᠯ ᠤᠨ ᠲᠣᠪᠴᠢᠶ᠎ᠠ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠳᠤᠤᠱᠯᠠᠭᠤᠯᠬᠤ ᠰᠤᠷᠭᠠᠨ ᠬᠥᠮᠦᠵᠢᠯ ᠤᠨ ᠰᠢᠰᠲ᠋ᠧᠮ ᠤᠨ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠪᠠᠭᠰᠢ ᠠᠵᠢᠯᠲᠠᠨ ᠨᠢᠭᠡᠪᠦᠷᠢ ᠳᠤ ᠤᠯᠠᠮᠵᠢᠯᠠᠨ᠂ ᠰᠤᠷᠭᠠᠨ ᠬᠥᠮᠦᠵᠢᠯ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ ᠵᠤᠷᠢᠵᠠᠢ᠃      ᠬᠤᠷᠠᠯ ᠳᠤ᠂ ᠠᠶᠢᠮᠠᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ︽ᠶᠣᠰᠣ ᠰᠤᠷᠲᠠᠬᠤᠨ ᠢᠶᠠᠷ ᠬᠥᠮᠦᠨ ᠬᠥᠮᠦᠵᠢᠭᠦᠯᠬᠦ︾ ᠵᠠᠭᠤᠨ ᠬᠥᠮᠦᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠯᠢ ᠠᠯᠢᠮ᠎ᠠ᠂ ᠴᠠᠩ ᠯᠢᠩ ᠪᠢᠩ᠂ ᠵᠠᠩ ᠶᠢᠨ ᠰᠢᠶᠠ ᠶᠢ ᠣᠨᠴᠠᠭᠠᠶᠢᠯᠠᠨ ᠤᠷᠢᠵᠤ ᠳᠠᠶᠢᠯᠤᠮᠵᠢ ᠬᠢᠯᠬᠡᠪᠡ᠃ ᠤᠬᠠᠭᠤᠯᠤᠨ ᠳᠠᠶᠢᠯᠪᠤᠷᠢᠯᠠᠭᠴᠢᠳ ᠲᠤᠰ ᠲᠤᠰ ᠬᠤᠰᠢᠭᠤ ᠭᠤᠷᠪᠠᠳᠤᠭᠠᠷ ᠪᠠᠭ᠎ᠠ ᠰᠤᠷᠭᠠᠭᠤᠯᠢ ᠪᠠ ᠭᠤᠷᠪᠠᠳᠤᠭᠠᠷ ᠳᠤᠮᠳᠠᠳᠤ ᠰᠤᠷᠭᠠᠭᠤᠯᠢ ᠳᠤ ᠭᠤᠷᠪᠠᠨ ᠲᠠᠯᠠᠪᠠᠢ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠵᠤ᠂ ᠪᠦᠬᠦ ᠲᠠᠯ᠎ᠠ ᠶᠢᠨ᠂ ᠨᠠᠷᠢᠨ ᠨᠢᠮᠪᠠᠢ᠂ ᠠᠮᠢᠳᠤᠯᠢᠭ ᠳᠠᠶᠢᠯᠤᠮᠵᠢ ᠪᠠᠷ ᠳᠠᠮᠵᠢᠨ᠂ ᠪᠦᠬᠦ ᠬᠤᠰᠢᠭᠤᠨ ᠤ ᠪᠦᠬᠦ ᠪᠠᠭᠰᠢ ᠠᠵᠢᠯᠲᠠᠨ ᠳᠤ ᠤᠬᠠᠭᠤᠯᠤᠨ ᠲᠠᠶᠢᠯᠪᠤᠷᠢᠯᠠᠬᠤ ᠶᠢ ᠪᠠᠲᠤᠯᠠᠪᠠ᠃      ᠤᠬᠠᠭᠤᠯᠤᠨ ᠲᠠᠶᠢᠯᠪᠤᠷᠢᠯᠠᠬᠤ ᠶᠠᠪᠤᠴᠠ ᠳᠤ᠂ ᠪᠠᠭᠰᠢᠨᠠᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠪᠠᠷ ᠭᠤᠣᠯᠳᠠᠭᠤᠯᠵᠤ᠂ ᠪᠦᠬᠦᠳᠠ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ᠂ ᠭᠤᠣᠯ ᠠᠭᠤᠯᠭ᠎ᠠ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠳᠠᠶᠢᠯᠪᠤᠷᠢᠯᠠᠵᠤ᠂ ᠰᠤᠷᠭᠠᠨ ᠬᠥᠮᠦᠵᠢᠯ ᠤᠨ ᠠᠵᠢᠯ ᠤᠨ ᠪᠣᠳᠠᠲᠤ ᠪᠠᠶᠢᠳᠠᠯ ᠵᠡᠷᠭᠡ ᠣᠯᠠᠨ ᠲᠠᠯ᠎ᠠ ᠲᠠᠢ ᠤᠶᠠᠯᠳᠤᠭᠤᠯᠤᠨ ᠲᠣᠳᠣᠷᠬᠠᠶᠢᠯᠠᠨ ᠥᠭᠦᠯᠡᠵᠦ᠂ ᠪᠥᠬᠦ ᠬᠤᠰᠢᠭᠤᠨ ᠤ ᠬᠢᠴᠢᠶᠡᠯ ᠬᠥᠮᠦᠵᠢᠯ ᠤᠨ ᠰᠢᠰᠲ᠋ᠧᠮ ᠤᠨ ᠬᠥᠮᠦᠰ ᠲᠤ ᠤᠶᠤᠨ ᠤ ᠰᠢᠮ᠎ᠡ ᠶᠢ ᠬᠦᠷᠳᠡᠭᠡᠵᠡᠢ᠃      ᠬᠤᠷᠠᠯ ᠤᠨ ᠬᠤᠭᠤᠴᠠᠭᠠᠨ ᠳᠤ ᠲᠤᠬᠠᠶ ᠶᠢᠨ ᠲᠠᠯᠠᠪᠠᠶ ᠳᠤ᠂ ᠪᠠᠭᠰᠢ ᠠᠵᠢᠯᠲᠠᠳ ᠰᠡᠳᠬᠢᠯ ᠳᠡᠯᠪᠢᠨ ᠰᠣᠨᠣᠰᠴᠤ᠂ ᠨᠠᠷᠢᠨ ᠬᠢᠨᠠᠮᠠᠭᠠᠶ ᠳᠡᠮᠳᠡᠭᠯᠡᠯ ᠬᠢᠵᠦ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠥᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠥᠲᠥᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠰᠠᠨᠠᠯ ᠨᠢᠭᠡᠳᠡᠢ ᠢᠯᠡᠷᠬᠡᠶᠢᠯᠡᠵᠡᠭᠡᠪᠡ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号