ᠪᠥᠬᠦ ᠬᠤᠰᠢᠭᠤᠨ ᠤ ᠰᠠᠯᠠᠭᠠᠨ ᠲᠠᠰ ᠤᠨ ᠤᠳᠤᠷᠢᠳᠬᠤ ᠺᠠᠳ᠋ᠷ ᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠶ ᠰᠡᠳᠦᠪᠲᠦ ᠪᠤᠯᠪᠠᠰᠤᠷᠠᠯ ᠤᠨ ᠠᠩᠭᠢ ᠵᠢᠴᠢ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ 2024 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠶᠣᠰᠣᠯᠠᠯ ᠶᠠᠪᠤᠭᠳᠠᠭᠰᠠᠨ
ᠨᠡᠶᠢᠲᠡᠯᠡᠭᠰᠡᠨ ᠴᠠᠭ᠄
2024/9/12
     ᠤᠶᠢᠷ᠎ᠠ ᠶᠢᠨ ᠡᠳᠦᠷ᠂ ᠪᠥᠬᠦ ᠬᠤᠰᠢᠭᠤᠨ ᠤ ᠰᠠᠯᠠᠭᠠᠨ ᠲᠠᠰ ᠤᠨ ᠤᠳᠤᠷᠢᠳᠬᠤ ᠺᠠᠳ᠋ᠷ ᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠶ ᠰᠡᠳᠦᠪᠲᠦ ᠪᠤᠯᠪᠠᠰᠤᠷᠠᠯ ᠤᠨ ᠠᠩᠭᠢ ᠵᠢᠴᠢ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ 2024 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠶᠣᠰᠣᠯᠠᠯ ᠬᠤᠰᠢᠭᠤ ᠺᠢᠨᠣ᠋ ᠤᠷᠳᠤᠨ ᠳᠤ ᠶᠠᠪᠤᠭᠳᠠᠵᠠᠢ᠃      ᠬᠤᠰᠢᠭᠤ ᠨᠠᠮ ᠤᠨ ᠬᠤᠷᠢᠶᠠᠨ ᠤ ᠱᠦᠵᠢ ᠴᠧᠨ ᠢᠦᠢ ᠴᠧᠩ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠸᠠᠩ ᠵᠠᠨ ᠴᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠦ ᠮᠢᠨ᠂ ᠪᠦᠬᠦ ᠬᠤᠰᠢᠭᠤᠨ ᠤ ᠰᠠᠯᠠᠭᠠᠨ ᠲᠡᠰ ᠤᠨ ᠤᠳᠤᠷᠢᠳᠬᠤ ᠺᠠᠳ᠋ᠷ ᠪᠣᠯᠪᠠᠰᠤᠷᠠᠯ ᠳᠤ ᠣᠷᠣᠯᠴᠠᠪᠠ᠃      ᠴᠧᠨ ᠢᠦᠢ ᠴᠧᠩ ᠬᠤᠷᠠᠯ ᠳᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ᠎ᠠ᠃ ᠪᠦᠬᠦ ᠬᠤᠰᠢᠭᠤ ᠪᠠᠷ ᠢᠶᠠᠨ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠥᠭᠡᠷᠡᠴᠢᠯᠡᠯᠲᠡ ᠶᠢᠨ ᠭᠤᠣᠯᠳᠠᠯᠭ᠎ᠠ ᠶᠢ ᠡᠵᠡᠮᠳᠡᠵᠦ᠂ ᠡᠳᠡᠭᠡᠷ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠬᠤ ᠶᠢ ᠬᠦᠰᠡᠵᠦ ᠪᠠᠶᠢᠨ᠎ᠠ᠃ ᠡᠯ᠎ᠡ ᠰᠤᠮᠤ ᠪᠠᠯᠭᠠᠰᠤ ᠡᠯ᠎ᠡ ᠰᠠᠯᠠᠭ᠎ᠠ ᠮᠥᠴᠢᠷ ᠤᠨ ᠎ ᠬᠢᠨ ᠴᠢᠩᠭ᠎ᠠ ᠨᠢᠮᠪᠠᠢ ᠪᠠᠷᠢᠮᠵᠢᠶᠠᠯᠠᠨ ᠬᠠᠷᠭᠤᠭᠤᠯᠵᠤ᠂ ᠰᠠᠶᠢᠲᠤᠷ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠬᠡᠪᠰᠢᠮᠡᠯ ᠦᠵᠡᠯᠲᠡ ᠪᠠᠨ ᠲᠦᠷᠭᠡᠳᠬᠡᠨ ᠬᠤᠪᠢᠷᠠᠭᠤᠯᠵᠤ᠂ ᠲᠡᠷᠢᠭᠦᠨ ᠤ ᠬᠢ ᠪᠣᠯᠬᠤ ᠪᠠᠷ ᠴᠢᠷᠮᠠᠶᠢᠨ ᠰᠢᠯᠢᠳᠡᠭ ᠢ ᠡᠭᠦᠳᠴᠦ᠂ ᠪᠦᠬᠦ ᠬᠤᠰᠢᠭᠤᠨ ᠤ ᠶᠡᠷᠦᠩᠬᠡᠶᠢᠯᠡᠭᠰᠡᠨ ᠪᠣᠳᠠᠲᠤ ᠬᠦᠴᠦᠨ ᠢ ᠰᠢᠨ᠎ᠡ ᠳᠡᠭᠲᠡᠷ ᠲᠤ ᠭᠠᠷᠭᠠᠬᠤ ᠬᠡᠷᠡᠭᠲᠡᠢ᠃ ᠵᠢᠱᠢᠶ᠎ᠡ ᠦᠵᠡᠭᠦᠯᠦᠨ ᠳᠠᠶᠢᠴᠢᠯᠠᠵᠤ᠂ ᠥᠭᠡᠷᠡᠴᠢᠯᠡᠯᠲᠡ ᠶᠢ ᠲᠣᠭᠲᠠᠪᠤᠷᠢᠵᠢᠭᠤᠯᠬᠤ ᠬᠠᠷᠢᠭᠤᠴᠠᠯᠭ᠎ᠠ ᠡᠭᠦᠷᠭᠡᠯᠡᠵᠦ᠂ ᠰᠠᠯᠠᠭᠠᠨ ᠲᠠᠰ ᠤᠨ ᠤᠳᠤᠷᠢᠳᠬᠤ ᠺᠠᠳ᠋ᠷ ᠪᠠᠶᠢᠳᠠᠯ ᠢ ᠤᠯᠠᠮ ᠲᠣᠳᠣᠷᠬᠠᠶ ᠲᠠᠨᠢᠵᠤ᠂ ᠰᠡᠳᠬᠢᠮᠵᠢ ᠪᠠᠨ ᠲᠣᠳᠣᠷᠬᠠᠶ ᠪᠣᠯᠭᠠᠵᠤ᠂ ᠲᠦᠷᠦᠭᠦᠯᠡᠨ ᠴᠢᠳᠠᠪᠤᠷᠢ ᠪᠠᠨ ᠳᠡᠭᠡᠭᠰᠢᠯᠡᠭᠦᠯᠵᠦ᠂ ᠲᠦᠷᠦᠭᠦᠯᠡᠨ ᠪᠠᠶᠢᠴᠠᠭᠠᠨ ᠰᠤᠳᠤᠯᠤᠯᠲᠠ ᠬᠢᠬᠦ ᠪᠠᠨ ᠴᠢᠩᠭᠠᠳᠬᠠᠵᠤ᠂ ᠲᠦᠷᠦᠭᠦᠯᠡᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠰᠥᠨᠢᠳ ᠪᠠᠷᠠᠭᠤᠨ ᠬᠤᠰᠢᠭᠤᠨ ᠤ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ︽ᠬᠤᠰᠢᠭᠤᠴᠢ︾ ᠪᠣᠯᠬᠤ ᠬᠡᠷᠡᠭᠲᠡᠶ ᠭᠡᠵᠦ ᠴᠢᠬᠤᠯᠠᠴᠢᠯᠠᠭᠰᠠᠨ ᠤ ᠬᠠᠮᠲᠤ ᠨᠠᠮ ᠤᠨ ᠰᠤᠷᠭᠠᠭᠤᠯᠢ ᠶᠢᠨ ᠠᠵᠢᠯ ᠤᠨ ᠳᠠᠯ᠎ᠠ ᠪᠠᠷ ᠪᠣᠳᠠᠲᠠᠢ ᠱᠠᠭᠠᠷᠳᠠᠯᠭ᠎ᠠ ᠳᠤᠷᠠᠳᠴᠠᠢ᠃      ᠸᠠᠩ ᠵᠠᠨ ᠴᠢ ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠭᠰᠡᠨ ᠤ ᠬᠠᠮᠳᠤ ᠲᠣᠰ ᠤᠳᠠᠭᠠᠨ ᠤ ᠲᠤᠰᠬᠠᠶ ᠰᠡᠳᠦᠪᠲᠦ ᠠᠩᠭᠢ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠎ ᠤ ᠨᠠᠶᠮᠠᠳᠤᠭᠠᠷ ᠪᠥᠬᠦᠳᠡ ᠬᠤᠷᠠᠯ᠂ ᠠᠶᠢᠮᠠᠭ ᠤᠨ ᠨᠠᠮ ᠤᠨ ᠬᠤᠷᠢᠶᠠᠨ ᠤ 2024 ᠣᠨ ᠤ ᠬᠤᠶᠠᠳᠤᠭᠠᠷ ᠤᠳᠠᠭᠠᠨ ᠎ ᠤ ( ᠥᠷᠭᠡᠳᠬᠡᠭᠰᠡᠨ ) ᠬᠤᠷᠠᠯ ᠪᠠ ᠬᠤᠰᠢᠭᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠶᠢᠰᠦᠳᠦᠭᠡᠷ ᠤᠳᠠᠭᠠᠨ ᠤ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠎ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠤᠶᠠᠯᠳᠤᠭᠤᠯᠤᠨ᠂ ︽ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠎ ᠳᠤ ᠣᠷᠣᠬᠤ︾ ᠲᠡᠮᠡᠴᠡᠬᠦ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠬᠤᠰᠢᠭᠤᠨ ᠤ ᠰᠠᠯᠠᠭᠠᠨ ᠲᠠᠰ ᠎ ᠤᠨ ᠤᠳᠤᠷᠢᠳᠬᠤ ᠺᠠᠳ᠋ᠷ ᠤᠨ ᠤᠯᠤᠰ ᠲᠥᠷᠥ ᠶᠢᠨ ᠬᠡᠪ ᠴᠢᠨᠠᠷ ᠪᠠ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠪᠣᠯᠤᠨ᠎ᠠ᠃ ᠤᠯᠠᠨ ᠢᠶᠠᠷ ᠢᠶᠠᠨ ᠡᠷᠬᠡᠪᠰᠢ ᠰᠤᠷᠤᠯᠴᠠᠬᠤ ᠣᠪᠣᠷ ᠎ ᠢᠶᠠᠨ ᠲᠥᠪ ᠪᠣᠯᠭᠠᠵᠤ᠂ ᠪᠣᠯᠪᠠᠰᠤᠷᠠᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠵᠤ᠂ ᠨᠠᠷᠢᠨ ᠬᠢᠨᠠᠮᠠᠭᠠᠶ ᠰᠣᠨᠣᠰᠴᠤ᠂ ᠭᠦᠨᠵᠡᠭᠡᠶ ᠪᠣᠳᠣᠯᠬᠢᠯᠠᠨ᠂ ᠢᠳᠡᠪᠬᠢᠲᠡᠶ ᠶᠠᠷᠢᠯᠴᠠᠵᠤ᠂ ᠰᠠᠶᠢᠨ ᠰᠠᠶᠢᠬᠠᠨ ᠰᠤᠷᠤᠯᠴᠠᠬᠤ ᠰᠤᠷᠲᠠᠯ ᠢᠶᠠᠷ ᠪᠣᠯᠪᠠᠰᠤᠷᠠᠯ ᠎ ᠤᠨ ᠦᠷ᠎ᠡ ᠪᠦᠲᠦᠮᠵᠢ ᠶᠢ ᠪᠠᠲᠤᠯᠠᠬᠤ ᠬᠡᠷᠡᠭᠲᠡᠶ ᠬᠡᠵᠦ ᠵᠢᠭᠠᠵᠠᠢ᠃      ᠣᠶᠢᠯᠠᠭᠠᠭᠰᠠᠨ ᠢᠶᠠᠷ᠂ ᠳᠤᠰ ᠤᠳᠠᠭᠠᠨ ᠤ ᠪᠤᠯᠪᠠᠰᠤᠷᠠᠯ 3 ᠡᠳᠦᠷ ᠤᠨ ᠬᠤᠭᠤᠴᠠᠭ᠎ᠠ ᠲᠠᠢ ᠶᠠᠪᠤᠭᠳᠠᠨ᠂ ᠪᠣᠯᠪᠠᠰᠤᠷᠠᠯ ᠳᠠᠭᠤᠰᠤᠭᠰᠠᠨ ᠤ ᠳᠠᠷᠠᠭ᠎ᠠ ᠣᠨᠣᠯ ᠤᠨ ᠰᠢᠯᠭᠠᠯᠲᠠ ᠬᠢᠬᠦ ᠪᠤᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号