︽ᠠᠨᠠᠷ ᠤᠨ ᠦᠷ᠎ᠡ ᠶᠢᠨ ᠳᠠᠭᠤᠨ︾ ᠤᠷᠠᠨ ᠳᠤᠳᠤ ᠤᠩᠰᠢᠯᠭ᠎ᠠ ᠶᠢᠨ ᠤᠷᠤᠯᠳᠤᠭᠠᠨ ᠶᠠᠪᠤᠭᠳᠠᠭᠰᠠᠨ
ᠨᠡᠶᠢᠲᠡᠯᠡᠭᠰᠡᠨ ᠴᠠᠭ᠄
2024/9/12
     ᠤᠶᠢᠷ᠎ᠠ ᠶᠢᠨ ᠡᠳᠦᠷ᠂ ︽ᠨᠢᠭᠡ ᠰᠡᠳᠬᠢᠯ ᠢᠶᠠᠷ ᠨᠠᠮ ᠤᠨ ᠠᠴᠢ ᠶᠢ ᠮᠠᠭᠳᠠᠨ ᠳᠠᠭᠤᠯᠠᠵᠤ᠂ ᠪᠦᠯᠬᠦᠮᠳᠡᠯ ᠤᠨ ᠬᠠᠭᠤᠳᠠᠰᠤ ᠶᠢ ᠬᠠᠮᠳᠤ ᠪᠠᠷ ᠪᠢᠴᠢᠭᠯᠡᠬᠦ︾ ᠭᠤᠤᠯ ᠰᠡᠳᠦᠪᠳᠦ ᠨᠠᠮ ᠤᠨ ᠡᠨᠡᠷᠢᠯ ᠬᠠᠶᠢᠷ᠎ᠠ ᠶᠢ ᠮᠠᠭᠳᠠᠨ ᠲᠠᠭᠤᠯᠤᠭᠰᠠᠨ ᠤᠷᠠᠨ ᠳᠤᠳᠤ ᠤᠩᠰᠢᠯᠭ᠎ᠠ ᠶᠢᠨ ᠤᠷᠤᠯᠳᠤᠭᠠᠨ ᠠᠮᠵᠢᠯᠳᠠᠳᠠᠢ ᠶᠠᠪᠤᠭᠳᠠᠯ᠎ᠠ᠃      ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠭᠤᠤᠯᠯᠠᠨ ᠡᠷᠭᠢᠯᠡᠵᠦ᠂ ᠬᠤᠰᠢᠭᠤ ᠨᠠᠮ ᠤᠨ ᠬᠤᠷᠢᠶᠠᠨ ᠤ ᠨᠠᠮ ᠤᠨ ᠭᠠᠳᠠᠨᠠᠬᠢ ᠰᠡᠬᠡᠭᠡᠲᠡᠳ ᠤᠨ ᠨᠥᠬᠦᠷᠯᠡᠯ ᠬᠤᠯᠪᠤᠭ᠎ᠠ᠂ ᠰᠢᠨ᠎ᠡ ᠳᠠᠪᠬᠤᠷᠭ᠎ᠠ ᠶᠢᠨ ᠨᠥᠬᠦᠷᠯᠡᠯ ᠤᠨ ᠬᠤᠯᠪᠤᠭ᠎ᠠ᠂ ᠬᠤᠰᠢᠭᠤ ᠰᠤᠷᠭᠠᠨ ᠬᠥᠮᠦᠵᠢᠯ  ᠤᠨ ᠲᠣᠪᠴᠢᠶ᠎ᠠ᠂ ᠨᠣᠮ ᠤᠨ ᠰᠠᠩ᠂ ᠳᠥᠷᠪᠡᠳᠦᠭᠡᠷ ᠪᠠᠭ᠎ᠠ ᠰᠤᠷᠭᠠᠭᠤᠯᠢ᠂ ᠭᠤᠷᠪᠠᠳᠤᠭᠠᠷ ᠳᠤᠮᠳᠠᠳᠤ ᠰᠤᠷᠭᠠᠭᠤᠯᠢ  ᠠᠴᠠ ᠳᠠᠭᠠᠭᠠᠴᠢᠯᠠᠨ ᠡᠷᠬᠢᠯᠡᠭᠰᠡᠨ ᠳᠤᠰ ᠤᠷᠤᠯᠳᠤᠭᠠᠨ ᠳᠤ ᠪᠦᠬᠦ ᠬᠤᠰᠢᠭᠤᠨ ᠤ 5 ᠪᠠᠭ᠎ᠠ ᠰᠤᠷᠭᠠᠭᠤᠯᠢ ᠶᠢᠨ 167 ᠰᠤᠷᠤᠭᠴᠢᠳ ᠢᠳᠡᠪᠬᠢᠯᠡᠨ ᠤᠷᠤᠯᠴᠠᠵᠤ᠂ ᠤᠷᠤᠯᠳᠤᠭᠠᠨ ᠤ ᠲᠤᠬᠠᠶ ᠶᠢᠨ ᠲᠠᠯᠠᠪᠠᠢ ᠬᠥᠷ ᠬᠥᠭᠵᠢᠶᠡᠨ ᠢᠶᠠᠷ ᠪᠢᠯᠬᠠᠵᠤ ᠪᠠᠶᠢᠯ᠎ᠠ᠃      ᠤᠷᠤᠯᠳᠤᠭᠠᠨ ᠳᠤ ᠣᠷᠣᠯᠴᠠᠭᠰᠠᠳ ᠤᠷᠢᠳᠴᠢᠯᠠᠨ ᠪᠡᠯᠡᠳᠭᠡᠭᠰᠡᠨ ᠳᠡᠪᠢᠰᠬᠡᠷ ᠬᠦᠭᠵᠢᠮ᠂ ᠠᠷᠤ ᠦᠵᠡᠭᠳᠡᠯ  ᠤᠨ ᠲᠦᠷᠰᠦ ᠰᠢᠩᠭᠡᠭᠡᠯᠳᠡ ᠪᠠᠨ ᠠᠪᠴᠤ᠂ ᠰᠢᠪᠠᠭ᠎ᠠ ᠰᠤᠭᠤᠯᠤᠭᠰᠠᠨ ᠳᠠᠷᠠᠭᠠᠯᠠᠯ ᠢᠶᠠᠷ ᠢᠶᠠᠨ ᠳᠠᠶᠢᠰᠠᠨ ᠳᠤ ᠭᠠᠷᠴᠤ ᠦᠵᠡᠬᠦᠯᠪᠦᠷᠢ ᠪᠠᠨ ᠦᠵᠡᠬᠦᠯᠦᠨ᠂ ᠤᠶᠠᠩᠭᠠᠯᠢᠭ ᠴᠡᠭᠡᠯᠭᠡᠨ ᠬᠤᠭᠤᠯᠠᠢ ᠪᠠᠷ ᠰᠤᠩᠭᠤᠳᠠᠭ ᠪᠦᠲᠦᠭᠡᠯ ᠢ ᠤᠶᠠᠩᠭᠠᠯᠠᠨ᠂ ᠵᠢᠪᠬᠤᠭ᠎ᠠ ᠳᠡᠬᠦᠯᠳᠡᠷ ᠰᠢᠨ᠎ᠡ ᠴᠠᠭ ᠤᠨ ᠪᠠᠭᠠᠴᠤᠳ ᠤᠨ ᠲᠦᠷᠰᠦ ᠪᠠᠶᠢᠳᠠᠯ ᠢ ᠬᠠᠷᠠᠭᠤᠯᠤᠨ᠎ᠠ᠃ ᠬᠢᠨᠠᠭᠴᠢᠳ ᠤᠨ ᠲᠦᠪ ᠭᠤᠤᠯᠴᠢ ᠰᠢᠯᠭᠠᠷᠠᠭᠤᠯᠤᠯᠳᠠ ᠪᠠᠷ ᠳᠠᠮᠵᠢᠨ 50 ᠪᠦᠲᠦᠭᠡᠯ ᠢ ᠰᠢᠶᠳᠪᠦᠷᠢᠲᠦ ᠤᠷᠤᠯᠳᠤᠭᠠᠨ ᠳᠤ ᠰᠢᠯᠭᠠᠷᠠᠭᠤᠯᠵᠠᠢ᠃      ᠳᠤᠰ ᠤᠳᠠᠭᠠᠨ ᠤ ᠤᠷᠤᠯᠳᠤᠭᠠᠨ ᠠᠮᠵᠢᠯᠲᠠ ᠲᠠᠢ ᠶᠠᠪᠤᠭᠳᠠᠭᠰᠠᠨ ᠨᠢ ᠪᠥᠬᠦ ᠬᠤᠰᠢᠭᠤᠨ ᠤ ᠦᠨᠳᠦᠰᠦᠲᠡᠨ  ᠤ ᠪᠦᠯᠬᠦᠮᠳᠡᠯ ᠤᠨ ᠤᠬᠠᠭᠤᠯᠭ᠎ᠠ ᠶᠢᠨ ᠰᠠᠷ᠎ᠠ ᠶᠢᠨ ᠰᠢᠷᠢᠰ ᠠᠵᠢᠯᠯᠠᠭ᠎ᠠ ᠳᠤ ᠥᠩᠭᠡ ᠨᠡᠮᠡᠷᠢᠯᠡᠵᠦ᠂ ᠲᠠᠷᠠᠭᠠᠴᠢ ᠶᠢᠨ ᠰᠢᠶᠳᠪᠦᠷᠢᠲᠦ ᠤᠷᠤᠯᠳᠤᠭᠠᠨ ᠳᠤ᠂ ᠰᠤᠷᠤᠭᠴᠢᠳ ᠨᠠᠩ ᠣᠷᠭᠢᠯᠤᠮ᠎ᠠ ᠬᠠᠯᠠᠭᠤᠨ ᠰᠡᠳᠬᠢᠯᠭᠡ ᠪᠠ ᠨᠠᠩ ᠥᠨᠳᠥᠷ ᠲᠦᠪᠰᠢᠨ ᠢᠶᠠᠷ ᠥᠪᠡᠷ ᠤᠨ ᠴᠤᠭ ᠵᠢᠪᠬᠤᠭ᠎ᠠ ᠪᠠᠨ ᠢᠯᠡᠷᠡᠭᠦᠯᠵᠦ᠂ ᠮᠠᠨ ᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠶᠯᠡᠰ ᠪᠠ ᠰᠣᠶᠣᠯ ᠰᠤᠷᠭᠠᠨ ᠬᠥᠮᠦᠵᠢᠯ ᠤᠨ ᠦᠶᠯᠡᠰ ᠤᠨ ᠬᠥᠭᠵᠢᠯᠲᠡ ᠶᠢ ᠠᠬᠢᠭᠤᠯᠬᠤ ᠳᠤ ᠨᠠᠩ ᠣᠯᠠᠨ ᠬᠦᠴᠦᠨ ᠴᠢᠳᠠᠯ ᠢᠶᠠᠨ ᠡᠷᠭᠦᠬᠦ ᠪᠤᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号