ᠡᠭᠡᠯ ᠵᠢᠷ ᠤᠨ ᠠᠷᠠᠳ ᠤᠨ ᠪᠠᠭᠰᠢ ᠶᠢᠨ ᠡᠷᠬᠢᠮ ᠦᠢᠯᠡᠰ ᠢᠶᠠᠨ ᠭᠡᠰᠡᠨ ᠬᠢᠴᠢᠶᠡᠯ ᠵᠢᠳᠬᠦᠯ
ᠨᠡᠶᠢᠲᠡᠯᠡᠭᠰᠡᠨ ᠴᠠᠭ᠄
2024/9/12
     ᠬᠤᠰᠢᠭᠤ ᠳᠠᠪᠤᠳᠤᠭᠠᠷ ᠪᠠᠭ᠎ᠠ ᠰᠤᠷᠭᠠᠭᠤᠯᠢ ᠶᠢᠨ ᠪᠠᠭᠰᠢ ᠤᠶᠤᠨᠳᠠᠨ᠎ᠠ ᠪᠤᠯ ᠠᠵᠢᠯ ᠤᠨ ᠪᠠᠶᠢᠷᠢ ᠪᠠᠨ ᠬᠠᠶᠢᠷᠠᠯᠠᠨ ᠠᠵᠢᠯ ᠦᠢᠯᠡᠰ ᠢᠶᠠᠨ ᠳᠡᠭᠡᠳᠦᠯᠡᠵᠦ᠂ ᠰᠤᠷᠤᠭᠴᠢᠳ ᠢᠶᠠᠨ ᠦᠷ᠎ᠡ ᠬᠡᠦᠬᠡᠳ ᠢᠶᠠᠨ ᠰᠢᠭ ᠬᠠᠶᠢᠷᠠᠯᠠᠵᠤ ᠶᠠᠪᠤᠳᠠᠭ ᠦᠢ ᠤᠯᠠᠨ ᠪᠠᠭᠰᠢᠨᠠᠷ ᠤᠨ ᠨᠢᠬᠡ᠃ ᠲᠡᠷᠡ ᠬᠢᠴᠢᠶᠡᠯ ᠲᠦᠷᠦᠯ ᠤᠨ ᠵᠢᠭᠠᠨ ᠰᠤᠷᠭᠠᠯᠳᠠ ᠳᠤ ᠪᠠᠨ ᠵᠤᠷᠢᠭᠳᠠᠢ ᠪᠠᠷ ᠥᠭᠡᠷᠡᠴᠢᠯᠡᠯᠲᠡ ᠬᠢᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠠᠯ᠎ᠠ ᠪᠠᠷ ᠠᠮᠵᠢᠯᠲᠠ ᠳᠤᠷᠰᠢᠯᠭ᠎ᠠ ᠤᠯᠵᠤ᠂ ᠰᠤᠷᠭᠠᠨ ᠬᠦᠮᠦᠵᠢᠯ ᠤᠨ ᠠᠤᠭ᠎ᠠ ᠦᠢᠯᠡᠰ ᠲᠤ ᠬᠦᠴᠦᠨ ᠵᠢᠳᠬᠦᠯ ᠢᠶᠠᠨ ᠡᠷᠬᠦᠵᠦ ᠶᠠᠪᠤᠭ᠎ᠠ ᠶᠤᠮ᠃      ᠬᠤᠰᠢᠭᠤ ᠳᠠᠪᠤᠳᠤᠭᠠᠷ ᠪᠠᠭ᠎ᠠ ᠰᠤᠷᠭᠠᠭᠤᠯᠢ ᠳᠤ ᠬᠦᠷᠬᠦ ᠳᠤ᠂ ᠤᠶᠤᠨᠳᠠᠨ᠎ᠠ ᠪᠠᠭᠰᠢ ᠰᠤᠷᠤᠭᠴᠢᠳ ᠤᠨ  ᠢᠶᠠᠨ ᠳᠠᠭᠠᠭᠠᠯᠭᠠᠪᠤᠷᠢ ᠶᠢ ᠬᠢᠨᠠᠮᠠᠭᠠᠶᠢᠯᠠᠨ ᠦᠵᠡᠭᠡᠳ ᠶᠠᠭᠠᠷᠠᠵᠤ ᠪᠠᠶᠢᠯ᠎ᠠ᠃ ᠲᠡᠷᠡ ᠶᠣᠰᠣ ᠰᠤᠷᠲᠠᠬᠤᠨ ᠢᠶᠠᠷ ᠪᠡᠶ᠎ᠡ  ᠪᠠᠨ ᠵᠠᠰᠠᠵᠤ᠂ ᠦᠢᠯᠡᠰ ᠢᠶᠠᠨ ᠳᠡᠭᠡᠳᠦᠯᠡᠨ᠂ ᠳᠡᠷᠭᠡᠳᠡᠬᠢ ᠪᠠᠭᠰᠢ ᠠᠵᠢᠯᠳᠠᠨ ᠤ ᠪᠠᠨ ᠬᠡᠪ ᠳᠠᠭᠤᠷᠢᠶᠠᠯ᠂ ᠳᠠᠭᠠᠭᠤᠯᠤᠭᠰᠠᠨ ᠰᠤᠷᠤᠭᠴᠢ ᠭᠡᠦᠭᠡᠳ ᠤᠳ ᠤᠨ ᠢᠶᠠᠨ ᠰᠢᠯᠢᠳᠡᠭ ︽ᠵᠠᠮᠴᠢᠯᠠᠭᠴᠢ︾ ᠪᠣᠯᠬᠤ ᠪᠠᠷ ᠴᠢᠷᠮᠠᠶᠢᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠰᠢᠨ᠎ᠡ ᠶᠢ ᠰᠡᠳᠬᠢᠨ ᠡᠬᠦᠳᠴᠦ᠂ ᠳᠠᠰᠤᠷᠠᠯᠳᠠ ᠦᠬᠡᠢ ᠰᠤᠷᠤᠯᠴᠠᠵᠤ ᠦᠪᠡᠷ ᠢ ᠪᠠᠨ ᠰᠢᠯᠢᠳᠡᠭᠵᠢᠬᠦᠯᠵᠦ ᠶᠠᠪᠤᠭ᠎ᠠ ᠡᠭᠡᠯ ᠵᠢᠷ ᠤᠨ ᠠᠷᠠᠳ ᠤᠨ ᠪᠠᠭᠰᠢ ᠶᠤᠮ᠃      ᠬᠢᠴᠢᠶᠡᠯ ᠤᠨ ᠳᠠᠩᠭᠢᠮ ᠳᠤ᠂ ᠤᠶᠤᠨᠳᠠᠨ᠎ᠠ ᠪᠠᠭᠰᠢ ᠬᠡᠦᠬᠡᠳ ᠤᠳ ᠲᠠᠢ ᠪᠠᠨ ᠡᠶᠡᠯᠳᠡᠭ ᠵᠦᠬᠡᠯᠡᠨ ᠢᠶᠠᠷ ᠶᠠᠷᠢᠯᠴᠠᠵᠤ᠂ ᠰᠤᠷᠤᠭᠴᠢᠳ ᠲᠤ ᠳᠠᠶᠢᠰᠠᠨ ᠳᠤ ᠭᠠᠷᠴᠤ ᠦᠪᠡᠷ ᠢ ᠪᠠᠨ ᠢᠯᠡᠷᠭᠡᠶᠢᠯᠡᠬᠦ ᠵᠠᠪᠰᠢᠶᠠᠨ ᠤᠯᠭᠤᠨ᠂ ᠨᠠᠷᠢᠨ ᠨᠢᠮᠪᠠᠢ ᠳᠠᠶᠢᠯᠪᠤᠷᠢᠯᠠᠬᠤ ᠶᠢᠨ ᠬᠠᠮᠳᠤ ᠮᠦᠷ ᠳᠠᠷᠠᠭᠠᠯᠠᠨ ᠰᠤᠷᠤᠭᠴᠢ ᠨᠢᠭᠡᠪᠦᠷᠢ ᠳᠤ ᠬᠦᠯᠢᠴᠡᠩᠭᠦᠢ ᠪᠠᠷ ᠳᠠᠶᠢᠯᠪᠤᠷᠢᠯᠠᠨ᠂ ᠬᠢᠴᠢᠶᠡᠯ ᠤᠨ ᠭᠡᠷ ᠤᠨ ᠰᠤᠷᠤᠯᠴᠠᠬᠤ ᠠᠭᠤᠷ ᠠᠮᠢᠰᠬᠤᠯ ᠬᠦᠭᠵᠢᠶᠡᠨᠳᠡᠢ ᠪᠠᠶᠢᠯ᠎ᠠ᠃      ᠤᠶᠤᠨᠳᠠᠨ᠎ᠠ ᠪᠠᠭᠰᠢ ᠤᠷᠢᠳ ᠬᠤᠵᠢᠳ ︽ᠬᠤᠰᠢᠭᠤ ᠳᠡᠰ ᠤᠨ ᠨᠡᠷᠡᠲᠦ ᠪᠠᠭᠰᠢ︾᠂ ︽ᠬᠤᠰᠢᠭᠤ ᠳᠡᠰ  ᠤᠨ ᠰᠢᠯᠢᠳᠡᠭ ᠪᠠᠭᠰᠢ︾᠂ ︽ᠬᠤᠰᠢᠭᠤ ᠳᠡᠰ ᠤᠨ ᠵᠢᠭᠠᠨ ᠰᠤᠷᠭᠠᠬᠤ ᠴᠢᠳᠠᠪᠤᠷᠢᠲᠠᠨ︾ ᠵᠡᠷᠭᠡ ᠢᠷᠠᠭᠤ ᠠᠯᠳᠠᠷ  ᠤᠨ ᠴᠣᠯᠠ ᠶᠢ ᠬᠦᠷᠳᠡᠵᠦ᠂ ᠲᠡᠭᠦᠨ ᠤ ᠳᠠᠭᠠᠭᠤᠯᠤᠭᠰᠠᠨ ᠠᠩᠬᠢ ᠨᠢ ︽ᠠᠶᠢᠮᠠᠭ᠂ ᠬᠤᠰᠢᠭᠤᠨ ᠤ ᠲᠡᠷᠢᠭᠦᠨ ᠤ ᠠᠩᠬᠢ ᠨᠡᠶᠢᠲᠡ︾ ᠪᠠᠷ ᠦᠨᠡᠯᠡᠭᠳᠡᠵᠦ ᠥᠩᠭᠡᠷᠡᠵᠡᠢ᠃ ᠲᠡᠷᠡ 2019 ᠣᠨ ᠤ 3 ᠰᠠᠷ᠎ᠠ ᠪᠠ 2020 ᠣᠨ ᠤ 12 ᠰᠠᠷ᠎ᠠ ᠳᠤ ᠠᠶᠢᠮᠠᠭ ᠤᠨ ᠲᠠᠰ ᠤᠨ ᠲᠣᠭᠠᠨ ᠤ ᠤᠬᠠᠭᠠᠨ ᠤ ᠰᠢᠨᠵᠢᠯᠡᠭᠡᠨ ᠤ ᠪᠠᠭᠰᠢ ᠶᠢᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠦᠨᠳᠦᠰᠦᠨ ᠴᠢᠳᠠᠪᠤᠷᠢ ᠶᠢ ᠳᠡᠯᠭᠡᠨ ᠦᠵᠡᠭᠦᠯᠬᠦ ᠠᠵᠢᠯᠯᠠᠭᠠᠨ ᠤ ᠨᠢᠭᠡᠳᠦᠭᠡᠷ ᠳᠡᠰ ᠤᠨ ᠱᠠᠩᠨᠠᠯ᠂ ᠠᠶᠢᠮᠠᠭ ᠤᠨ ᠲᠠᠰ ᠤᠨ ᠰᠢᠨ᠎ᠡ ᠵᠠᠭᠤᠴᠢᠯᠠᠭᠤᠷ ᠰᠢᠨ᠎ᠡ ᠮᠡᠷᠭᠡᠵᠢᠯ ᠤᠨ ᠵᠢᠭᠠᠨ ᠰᠤᠷᠭᠠᠯᠲᠠ ᠶᠢᠨ ᠬᠡᠷᠡᠭᠯᠡᠭᠡᠨ ᠤ ᠰᠢᠯᠢᠳᠡᠭ ᠬᠢᠴᠢᠶᠡᠯ ᠤᠨ ᠬᠠᠷᠢᠴᠠᠯ ᠢ ᠰᠢᠯᠭᠠᠷᠠᠭᠤᠯᠬᠤ ᠠᠵᠢᠯᠯᠠᠭᠠᠨ ᠤ ᠨᠢᠭᠡᠳᠦᠭᠡᠷ ᠳᠡᠰ ᠤᠨ ᠱᠠᠩᠨᠠᠯ ᠵᠡᠷᠭᠡ ᠢᠷᠠᠭᠤ ᠠᠯᠳᠠᠷ ᠢ ᠲᠣᠰ ᠲᠣᠰ ᠬᠦᠷᠳᠡᠵᠦ᠂ ᠬᠢᠭᠰᠡᠨ ᠠᠵᠢᠯ ᠨᠢ ᠰᠠᠶᠢᠨ ᠦᠨᠡᠯᠡᠯᠳᠡ ᠲᠠᠢ᠂ ᠬᠢᠴᠢᠶᠡᠭᠰᠡᠨ ᠵᠢᠳᠬᠦᠯ ᠨᠢ ᠢᠷᠠᠭᠤ ᠠᠯᠳᠠᠷ ᠲᠠᠢ ᠬᠢᠯᠠᠷᠠᠭᠤᠯᠵᠤ ᠶᠠᠪᠤᠭ᠎ᠠ ᠶᠤᠮ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号