ᠬᠠᠷᠢᠭᠤᠴᠠᠯᠭ᠎ᠠ ᠲᠠᠢ ᠪᠠᠭᠰᠢ ᠬᠠᠷᠠᠵᠤ ᠬᠠᠨᠳᠤᠳᠠᠭ ᠡᠭᠡᠴᠢ — ᠭᠤᠤ ᠶᠠᠨ ᠹᠧᠢ
ᠨᠡᠶᠢᠲᠡᠯᠡᠭᠰᠡᠨ ᠴᠠᠭ᠄
2024/9/14
     ᠬᠤᠰᠢᠭᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠠᠭᠰᠢ ᠭᠤᠤ ᠶᠠᠨ ᠹᠸᠢ ᠦᠢ ᠤᠯᠠᠨ ᠠᠷᠠᠳ ᠤᠨ ᠪᠠᠭᠰᠢ ᠲᠠᠢ ᠠᠳᠠᠯᠢ ᠪᠠᠷ ᠰᠤᠷᠭᠠᠨ ᠬᠦᠮᠦᠵᠢᠯ ᠵᠢᠭᠠᠨ ᠰᠤᠷᠭᠠᠯᠳᠠ ᠶᠢᠨ ᠦᠢᠯᠡᠰ ᠲᠤ ᠬᠦᠴᠦᠨ ᠵᠢᠳᠬᠦᠯ ᠢᠶᠠᠨ ᠦᠵᠡᠬᠦᠯᠵᠦ ᠶᠠᠪᠤᠭ᠎ᠠ ᠪᠠᠷ ᠦᠯᠦ ᠪᠠᠷᠠᠨ᠂ ᠨᠠᠶᠢᠵᠠᠷᠬᠠᠭ ᠰᠡᠳᠬᠢᠯ ᠢᠶᠠᠷ ᠰᠤᠷᠤᠭᠴᠢᠳ ᠲᠠᠢ ᠪᠠᠨ ᠤᠶᠢᠯᠠᠭᠠᠯᠴᠠᠵᠤ᠂ ᠰᠤᠷᠤᠭᠴᠢᠳ ᠤᠨ ᠢᠶᠠᠨ ᠰᠡᠳᠬᠢᠯ ᠳᠤ ᠨᠢᠭᠡᠨ ᠰᠠᠶᠢᠨ ᠪᠠᠭᠰᠢ ᠮᠦᠷᠳᠡᠭᠡᠨ ᠰᠠᠶᠢᠨ ᠡᠭᠡᠴᠢ ᠨᠢ ᠪᠤᠯᠤᠭᠰᠠᠨ ᠶᠤᠮ᠃      ᠬᠤᠰᠢᠭᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ 291 ᠳ᠋ᠦ᠋ᠭᠡᠷ ᠠᠩᠭᠢ ᠶᠢᠨ ᠬᠢᠴᠢᠶᠡᠯ ᠤᠨ ᠭᠡᠷ ᠠᠴᠠ ᠳᠠᠭᠤᠤ ᠬᠦᠭᠵᠢᠮ ᠤᠨ ᠢᠷᠠᠭᠤ ᠳᠠᠭᠤᠨ ᠰᠤᠨᠤᠰᠳᠠᠵᠤ᠂ ᠪᠠᠭᠰᠢ ᠰᠤᠷᠤᠭᠴᠢᠳ ᠬᠠᠮᠳᠤᠪᠡᠷ ᠠᠩᠭ᠍ᠯᠢ ᠳᠠᠭᠤᠤ ᠳᠠᠭᠤᠯᠠᠨ ᠪᠠᠶᠠᠷᠯᠠᠯᠳᠤᠵᠤ ᠪᠠᠶᠢᠯ᠎ᠠ᠃ ᠬᠢᠴᠢᠶᠡᠯ ᠤᠷᠤᠬᠤ ᠠᠴᠠ ᠪᠠᠨ ᠡᠮᠦᠨ᠎ᠡ ᠰᠤᠷᠤᠭᠴᠢᠳ ᠲᠠᠢ ᠪᠠᠨ ᠬᠠᠮᠳᠤ ᠪᠠᠷ ᠬᠦᠭᠵᠢᠯᠳᠦᠵᠦ ᠰᠤᠨᠢᠷᠬᠠᠯᠳᠠᠢ ᠬᠢᠴᠢᠶᠡᠯ ᠳᠤ ᠪᠠᠨ ᠬᠦᠳᠦᠯᠳᠡᠭ ᠨᠢ ᠭᠤᠤ ᠶᠠᠨ ᠹᠸᠢ ᠪᠠᠭᠰᠢ ᠶᠢᠨ ᠣᠨᠴᠠᠭᠠᠢ ᠵᠢᠭᠠᠨ ᠰᠤᠷᠭᠠᠯᠲᠠ ᠶᠢᠨ ᠠᠷᠭ᠎ᠠ ᠳᠡᠮ ᠪᠠᠶᠢᠵᠠᠢ᠃ ᠲᠡᠷᠡ ᠰᠤᠷᠤᠭᠴᠢᠳ ᠲᠠᠢ ᠪᠠᠨ ᠤᠶᠢᠯᠠᠭᠠᠯᠴᠠᠭ᠎ᠠ ᠰᠤᠯᠢᠯᠴᠠᠭ᠎ᠠ ᠪᠠᠨ ᠬᠦᠨᠵᠡᠭᠡᠶᠢᠷᠡᠬᠦᠯᠵᠦ᠂ ᠦᠵᠡᠯ ᠪᠤᠳᠤᠯ ᠢᠶᠠᠨ ᠤᠶᠢᠯᠠᠭᠠᠯᠴᠠᠬᠤ ᠶᠢ ᠴᠢᠬᠤᠯᠠᠴᠢᠯᠠᠵᠤ᠂ ᠰᠤᠷᠤᠭᠴᠢ ᠨᠢᠭᠡᠪᠦᠷᠢ ᠶᠢᠨ ᠤᠨᠴᠠᠯᠢᠭ ᠲᠤ ᠨᠢ ᠳᠤᠬᠢᠷᠠᠭᠤᠯᠤᠨ ᠪᠦᠲᠦᠮᠵᠢᠳᠡᠢ ᠠᠷᠭ᠎ᠠ ᠪᠠᠷ ᠮᠡᠳᠡᠯᠭᠡ ᠡᠵᠡᠮᠰᠢᠬᠦᠯᠬᠦ ᠶᠢ ᠵᠤᠷᠢᠳᠠᠭ ᠬᠠᠷᠢᠭᠤᠴᠠᠯᠭᠠᠳᠤ ᠨᠢᠭᠡᠨ ᠪᠢᠯᠡ᠃      ᠨᠠᠷᠠᠲᠤ ᠪᠠᠭᠰᠢ ᠶᠢᠨ ᠠᠵᠢᠯ ᠤᠨ ᠲᠠᠰᠤᠭ ᠪᠠᠶᠢᠭᠤᠯᠤᠭᠳᠠᠭᠰᠠᠨ ᠨᠢ ᠪᠥᠬᠦ ᠬᠤᠰᠢᠭᠤᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠪᠠ ᠰᠢᠨ᠎ᠡ ᠶᠢ ᠡᠭᠦᠳᠬᠦ ᠴᠢᠬᠤᠯᠠ ᠠᠷᠭ᠎ᠠ ᠬᠡᠮᠵᠢᠶ᠎ᠡ᠂ ᠮᠦᠨᠴᠦ ᠪᠥᠬᠦ ᠬᠤᠰᠢᠭᠤᠨ ᠤ ᠪᠠᠭᠰᠢ ᠶᠢᠨ ᠡᠩᠨᠡᠭᠡᠨ ᠤ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠬᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠪᠤᠯᠵᠠᠢ᠃ ᠭᠤᠤ ᠶᠠᠨ ᠹᠸᠢ ᠪᠠᠭᠰᠢ 2024 ᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠩᠭ᠍ᠯᠢ ᠬᠡᠯᠡᠨ ᠤ ᠨᠠᠷᠠᠲᠤ ᠪᠠᠭᠰᠢ ᠶᠢᠨ ᠠᠵᠢᠯ ᠤᠨ ᠲᠠᠰᠤᠭ ᠤᠨ ᠡᠷᠬᠢᠯᠡᠭᠴᠢ ᠪᠠᠷ ᠤᠷᠢᠭᠳᠠᠭᠰᠠᠨ ᠤ ᠬᠠᠮᠲᠤ᠂ ᠲᠡᠷᠡ ᠰᠤᠷᠭᠠᠭᠤᠯᠢ ᠡᠬᠢᠯᠡᠭᠰᠡᠨ ᠠᠴᠠ ᠨᠠᠰᠢᠬᠢ ᠨᠠᠷᠠᠲᠤ ᠪᠠᠭᠰᠢ ᠶᠢᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠪᠢ ᠬᠥᠮᠦᠨ ᠤ ᠴᠢᠳᠠᠪᠤᠷᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠬᠠᠮᠲᠤ ᠪᠥᠬᠦ ᠪᠠᠭᠰᠢ ᠨᠠᠷ ᠤᠨ ᠬᠠᠮᠲᠤ ᠶᠢᠨ ᠬᠥᠭᠵᠢᠯᠲᠡ ᠶᠢ ᠳᠠᠶᠢᠴᠢᠯᠠᠪᠠ᠃      ᠤᠳᠠᠭ᠎ᠠ ᠪᠤᠯᠭᠠᠨ ᠤ ᠬᠢᠴᠢᠶᠡᠯ ᠢᠶᠠᠨ ᠰᠠᠶᠢᠲᠤᠷ ᠪᠡᠯᠡᠳᠬᠡᠬᠦ ᠶᠢᠨ ᠲᠥᠯᠥᠭᠡ᠂ ᠲᠡᠷᠡ ᠵᠢᠭᠠᠬᠤ ᠮᠠᠲ᠋ᠧᠷᠢᠶᠠᠯ ᠢ ᠨᠠᠷᠢᠨ ᠬᠢᠨᠠᠮᠠᠭᠠᠶ ᠰᠤᠳᠤᠯᠤᠨ᠂ ᠰᠤᠷᠤᠭᠴᠢ ᠨᠢᠭᠡᠪᠦᠷᠢ ᠳᠤ ᠳᠤᠤᠱᠳᠠᠢ ᠤᠶᠢᠯᠠᠭᠠᠭᠤᠯᠬᠤ ᠬᠡᠵᠦ ᠵᠢᠳᠬᠦᠳᠡᠭ᠃ ᠪᠠᠶᠠᠷ ᠳᠤᠷᠠᠰᠬᠠᠯ᠂ ᠠᠮᠠᠷᠠᠯᠳᠠ ᠶᠢᠨ ᠡᠳᠦᠷ ᠴᠦ ᠲᠡᠷᠡ᠂ ᠬᠠᠬᠢᠷ ᠬᠦᠢᠳᠡᠨ ᠠᠭᠠᠭᠢᠮ᠎ᠠ ᠬᠠᠯᠠᠭᠤᠨ ᠳᠤ ᠴᠦ ᠲᠡᠷᠡ ᠰᠤᠷᠤᠭᠴᠢ ᠶᠢᠨ ᠢᠶᠠᠨ ᠭᠡᠷ ᠢᠶᠠᠷ ᠬᠦᠷᠴᠦ ᠪᠠᠶᠢᠳᠠᠯ ᠤᠶᠢᠯᠠᠭᠠᠬᠤ ᠶᠢᠨ ᠬᠠᠮᠳᠤ ᠰᠤᠷᠤᠭᠴᠢ ᠶᠢᠨ ᠢᠶᠠᠨ ᠠᠰᠠᠭᠤᠯᠳᠠ  ᠳᠤ ᠬᠠᠯᠠᠰᠢᠷᠠᠯ ᠦᠬᠡᠢ ᠬᠠᠷᠢᠭᠤᠯᠳᠠ ᠦᠭᠴᠦ᠂ ᠶᠠᠮᠠᠷᠴᠦ ᠭᠠᠵᠠᠷ ᠠᠯᠢ ᠴᠦ ᠴᠠᠭ ᠲᠤ ᠭᠡᠰᠡᠨ ᠦᠬᠡᠢ᠂ ᠭᠡᠷᠡᠭᠴᠡᠭᠡ  ᠲᠠᠢ ᠯᠡ ᠪᠤᠯ ᠳᠠᠶᠢᠯᠪᠤᠷᠢᠯᠠᠵᠤ ᠵᠢᠭᠠᠬᠤ ᠪᠠᠨ ᠶᠡᠷᠦ ᠠᠴᠠ ᠵᠤᠭᠰᠤᠳᠠᠭ ᠦᠬᠡᠢ᠃      ᠰᠤᠷᠤᠭᠴᠢᠳ ᠢᠶᠠᠨ ᠭᠡᠰᠡᠨ ᠬᠠᠶᠢᠷ᠎ᠠ ᠶᠢ ᠨᠢ ᠤᠶᠢᠯᠠᠭᠠᠵᠤ ᠮᠡᠳᠡᠷᠡᠳᠡᠭ ᠦᠶ᠎ᠡ ᠦᠶ᠎ᠡ ᠶᠢᠨ ᠰᠤᠷᠤᠭᠴᠢᠳ ᠨᠢ ᠴᠦ ᠬᠠᠶᠠ ᠬᠠᠶᠠ ᠬᠡᠨᠡᠳᠳᠡ ᠶᠢᠨ ᠪᠡᠯᠡᠭ ᠪᠠᠷᠢᠵᠤ ᠳᠡᠬᠦᠨ ᠢ ᠪᠠᠶᠠᠷᠯᠠᠭᠤᠯᠳᠠᠭ ᠳᠤᠬᠠᠢ ᠰᠡᠳᠬᠢᠯ ᠳᠤᠭᠳᠤᠯᠤᠨ ᠶᠠᠷᠢᠬᠤ ᠨᠢ ᠨᠠᠶᠢᠵᠠ ᠪᠠᠨ ᠮᠦᠷᠦᠭᠡᠳᠦᠭᠰᠡᠨ ᠠᠨᠳᠠ ᠶᠢᠨ ᠬᠠᠯᠠᠭᠤᠨ ᠰᠡᠳᠬᠢᠯ ᠴᠦ ᠬᠡᠮᠡᠷ᠂ ᠦᠷ᠎ᠡ ᠪᠠᠨ ᠦᠬᠡᠶᠢᠯᠡᠭᠰᠡᠨ ᠡᠬᠡ ᠶᠢᠨ ᠤᠶᠠᠨ ᠬᠠᠶᠢᠷ᠎ᠠ ᠴᠦ ᠭᠡᠮᠡᠷ᠃      ᠭᠤᠤ ᠶᠠᠨ ᠹᠸᠢ ᠰᠤᠷᠭᠠᠨ ᠬᠥᠮᠦᠵᠢᠯ ᠤᠨ ᠦᠢᠯᠡᠰ ᠲᠤ ᠪᠠᠨ ᠬᠢᠵᠠᠭᠠᠯᠠᠰᠢ ᠦᠬᠡᠢ ᠬᠠᠶᠢᠷᠠᠲᠠᠢ ᠪᠠᠶᠢᠵᠤ᠂ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠᠷ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠳᠤ ᠤᠷᠤᠯᠴᠠᠬᠤ ᠶᠢᠨ ᠬᠠᠮᠳᠤ ᠳᠠᠰᠤᠷᠠᠯᠳᠠ ᠦᠬᠡᠢ ᠵᠢᠭᠠᠨ ᠰᠤᠷᠭᠠᠯᠳᠠ ᠶᠢᠨ ᠰᠢᠨ᠎ᠡ ᠶᠢ ᠡᠬᠦᠳᠴᠦ᠂ ᠤᠷᠢᠳ ᠬᠤᠵᠢᠳ ᠬᠡᠳᠦᠨ ᠤᠳᠠᠭ᠎ᠠ ᠬᠤᠰᠢᠭᠤ ᠲᠡᠰ ᠤᠨ ᠰᠢᠯᠢᠳᠡᠭ ᠪᠠᠭᠰᠢ᠂ ᠰᠢᠯᠢᠳᠡᠭ ᠠᠩᠬᠢ ᠶᠢᠨ ᠡᠷᠬᠢᠯᠡᠭᠴᠢ᠂ ᠵᠢᠭᠠᠨ ᠰᠤᠷᠭᠠᠯᠲᠠ ᠶᠢᠨ ᠲᠤᠪᠤᠶᠢᠮ᠎ᠠ ᠬᠤᠪᠢ ᠨᠡᠮᠡᠷᠢ ᠶᠢᠨ ᠱᠠᠩᠨᠠᠯ ᠵᠡᠷᠭᠡ ᠢᠷᠠᠭᠤ ᠠᠯᠳᠠᠷ ᠢ ᠬᠦᠷᠳᠡᠵᠦ᠂ ᠳᠠᠭᠠᠭᠤᠯᠤᠭᠰᠠᠨ ᠠᠩᠬᠢ ᠨᠢ ᠴᠦ ᠬᠡᠳᠦ ᠬᠡᠳᠦᠨ ᠤᠳᠠᠭ᠎ᠠ ᠠᠶᠢᠮᠠᠭ ᠬᠤᠰᠢᠭᠤ ᠲᠡᠰ ᠤᠨ ᠲᠡᠷᠢᠭᠦᠨ ᠤ ᠠᠩᠭᠢ ᠨᠢᠭᠡᠴᠡ ᠪᠠᠷ ᠦᠨᠡᠯᠡᠭᠳᠡᠪᠡ᠃ 2017 ᠣᠨ ᠳᠤ᠂ ᠲᠡᠷᠡ ᠪᠦᠬᠦ ᠠᠶᠢᠮᠠᠭ ᠤᠨ ᠠᠩᠬ᠎ᠠ ᠳᠤᠮᠳᠠᠳᠤ ᠶᠢᠨ ᠠᠩᠭ᠍ᠯᠢ ᠬᠡᠯᠡᠨ ᠤ ᠦᠨᠳᠦᠰᠦᠨ ᠪᠣᠯᠪᠠᠰᠤᠷᠠᠯ ᠤᠨ ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ᠂ 2021 ᠣᠨ  ᠳᠤ᠂ ᠪᠦᠬᠦ ᠠᠶᠢᠮᠠᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠠᠩᠬᠢ ᠶᠢᠨ ᠡᠷᠬᠢᠯᠡᠭᠴᠢ ᠶᠢᠨ ᠦᠨᠳᠦᠰᠦᠨ ᠴᠢᠳᠠᠪᠤᠷᠢ ᠶᠢᠨ ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ ᠵᠢᠴᠢ ᠪᠦᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠠᠩᠬᠢ ᠶᠢᠨ ᠡᠷᠬᠢᠯᠡᠭᠴᠢ ᠶᠢᠨ ᠦᠨᠳᠦᠰᠦᠨ ᠴᠢᠳᠠᠪᠤᠷᠢ ᠶᠢᠨ ᠤᠷᠤᠯᠳᠤᠭᠠᠨ ᠤ ᠬᠤᠶᠠᠳᠤᠭᠠᠷ ᠳᠡᠰ  ᠤᠨ ᠱᠠᠩᠨᠠᠯ ᠢ ᠬᠦᠷᠳᠡᠵᠦ᠂ 2024 ᠣᠨ ᠤ 6 ᠰᠠᠷ᠎ᠠ ᠳᠤ ᠬᠤᠰᠢᠭᠤ ᠳᠡᠰ ᠤᠨ ᠨᠡᠷᠡᠲᠦ ᠪᠠᠭᠰᠢ ᠪᠠᠷ ᠦᠨᠡᠯᠡᠭᠳᠡᠵᠡᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号