ᠪᠦᠬᠦ ᠬᠤᠰᠢᠭᠤᠨ ᠤ ᠰᠠᠯᠠᠭᠠᠨ ᠳᠡᠰ ᠤᠨ ᠤᠳᠤᠷᠢᠳᠬᠤ ᠺᠠᠳ᠋ᠷᠴᠤᠳ ᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠠᠩᠭᠢ ᠵᠢᠩᠬᠢᠨᠢ ᠪᠠᠷ ᠰᠤᠷᠤᠯᠭ᠎ᠠ ᠲᠡᠭᠦᠰᠪᠡ
ᠨᠡᠶᠢᠲᠡᠯᠡᠭᠰᠡᠨ ᠴᠠᠭ᠄
2024/9/14
     9 ᠰᠠᠷ᠎ᠠ ᠶᠢᠨ 12 ᠤᠨ ᠡᠳᠦᠷ ᠤᠨ ᠦᠳᠡ ᠶᠢᠨ ᠬᠤᠶᠢᠨ᠎ᠠ᠂ ᠪᠦᠬᠦ ᠬᠤᠰᠢᠭᠤᠨ ᠤ ᠰᠠᠯᠠᠭᠠᠨ ᠳᠡᠰ ᠤᠨ ᠤᠳᠤᠷᠢᠳᠬᠤ ᠺᠠᠳ᠋ᠷᠴᠤᠳ ᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠠᠩᠭᠢ ᠶᠢᠨ ᠰᠤᠷᠤᠯᠭ᠎ᠠ ᠲᠡᠭᠦᠰᠬᠦ ᠶᠣᠰᠣᠯᠠᠯ ᠬᠤᠰᠢᠭᠤ ᠺᠢᠨᠣ᠋ ᠤᠷᠳᠤᠨ ᠳᠤ ᠶᠠᠪᠤᠭᠳᠠᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠦ ᠮᠢᠨ ᠶᠣᠰᠣᠯᠠᠯ ᠳᠤ ᠤᠷᠤᠯᠴᠠᠵᠦ ᠶᠠᠷᠢᠶ᠎ᠠ ᠬᠢᠪᠡ᠃        ᠯᠦ ᠮᠢᠨ ᠵᠢᠭᠠᠵᠤ ᠭᠠᠷᠭᠠᠭᠰᠠᠨ ᠨᠢ᠂ ᠬᠤᠶᠢᠰᠢᠳᠠ ᠬᠠᠮᠲᠦ ᠶᠢᠨ ᠰᠤᠷᠤᠯᠴᠠᠯᠭ᠎ᠠ ᠪᠠ ᠪᠠᠶᠢᠩᠭᠤ ᠶᠢᠨ ᠰᠤᠷᠤᠯᠴᠠᠯᠭ᠎ᠠ ᠶᠢᠨ ᠬᠠᠷᠢᠴᠠᠭ᠎ᠠ ᠶᠢ ᠦᠷᠭᠦᠯᠵᠢᠯᠡᠨ ᠰᠠᠶᠢᠲᠤᠷ ᠠᠳᠬᠤᠵᠦ᠂ ᠰᠤᠷᠤᠯᠴᠠᠯᠭ᠎ᠠ ᠶᠢ ᠠᠵᠢᠯ ᠠᠮᠢᠳᠤᠷᠠᠯ  ᠤᠨ ᠲᠤᠮᠳᠠᠬᠢ ᠳᠠᠳᠬᠠᠯ ᠪᠠ ᠤᠯᠤᠰ ᠲᠦᠷᠦ ᠶᠢᠨ ᠬᠠᠷᠢᠭᠤᠴᠠᠯᠭ᠎ᠠ ᠪᠠᠨ ᠪᠤᠯᠭᠠᠵᠦ᠂ ︽ᠨᠢᠭᠡᠳᠦᠭᠡᠷ ᠵᠥᠪᠯᠡᠬᠦ ᠵᠤᠶᠢᠯ︾ ᠤᠨ ᠳᠦᠷᠢᠮ ᠢ ᠢᠮᠠᠭᠲᠠ ᠪᠠᠷᠢᠮᠲᠠᠯᠠᠨ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ᠂ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠰᠠᠶᠢᠲᠤᠷ ᠠᠭᠤᠰᠤᠯᠴᠠᠭᠤᠯᠵᠦ᠂ ᠣᠨᠣᠯ ᠤᠨ ᠰᠤᠷᠤᠯᠴᠠᠯᠭ᠎ᠠ ᠪᠣᠯᠤᠨ ᠪᠣᠳᠠᠲᠠᠢ ᠬᠡᠷᠡᠭᠯᠡᠯᠲᠡ ᠶᠢᠨ ᠬᠠᠷᠢᠴᠠᠭ᠎ᠠ ᠶᠢ ᠰᠠᠶᠢᠲᠤᠷ ᠤᠶᠠᠯᠳᠤᠭᠤᠯᠵᠦ᠂ ᠰᠤᠷᠤᠯᠴᠠᠬᠤ ᠶᠢᠨ ᠳᠠᠭᠠᠤ ᠰᠡᠳᠬᠢᠨ ᠪᠣᠳᠣᠯᠬᠢᠯᠠᠵᠤ᠂ ᠲᠤᠰ ᠪᠡᠶ᠎ᠡ ᠵᠢᠴᠢ ᠠᠵᠢᠯ ᠲᠦᠷᠦᠯ ᠲᠠᠢ ᠪᠠᠨ ᠬᠤᠯᠪᠤᠨ ᠪᠤᠳᠤᠵᠦ᠂ ᠦᠵᠡᠯ ᠰᠠᠨᠠᠭᠠᠨ ᠤ ᠳᠠᠪᠲᠠᠯᠲᠠ ᠪᠣᠯᠤᠨ ᠦᠢᠯᠡᠳᠦᠯᠭᠡ ᠶᠢᠨ ᠳᠠᠪᠲᠠᠯᠲᠠ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠲᠤᠰ ᠤᠳᠠᠭᠠᠨ ᠤ ᠪᠣᠯᠪᠠᠰᠤᠷᠠᠯ ᠤᠨ ᠠᠩᠭᠢ ᠶᠢᠨ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠤ ᠵᠢᠯ ᠤᠨ ︽ᠭᠤᠷᠪᠠᠨ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠵᠢᠴᠢ ᠪᠦᠬᠦ ᠬᠤᠰᠢᠭᠤᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠬᠤ ᠪᠣᠳᠠᠲᠠᠢ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ ᠭᠡᠪᠡ᠃      ᠰᠤᠷᠤᠯᠭ᠎ᠠ ᠲᠡᠭᠦᠰᠬᠦ ᠶᠣᠰᠣᠯᠠᠯ ᠲᠡᠭᠡᠷ᠎ᠡ ᠪᠤᠯᠪᠠᠰᠤᠷᠠᠯ ᠳᠤ ᠤᠷᠤᠯᠴᠠᠭᠰᠠᠨ 6 ᠲᠥᠯᠥᠭᠡᠯᠡᠭᠴᠢ ᠳᠠᠷᠠᠭᠠᠯᠠᠨ ᠲᠠᠶᠢᠰᠠᠨ ᠳᠤ ᠭᠠᠷᠴᠤ ᠰᠤᠷᠤᠯᠴᠠᠭᠰᠠᠨ ᠣᠶᠢᠯᠠᠭᠠᠯᠲᠠ ᠪᠠᠨ ᠬᠤᠪᠢᠶᠠᠯᠴᠠᠪᠠ᠃      ᠲᠤᠰ ᠤᠳᠠᠭᠠᠨ ᠤ ᠪᠤᠯᠪᠠᠰᠤᠷᠠᠯ ᠢ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠤᠭᠳᠠᠭᠤᠯᠵᠤ᠂ ︽ᠨᠡᠷᠡᠲᠦ ᠪᠠᠭᠰᠢ ᠲᠠᠶᠢᠯᠪᠤᠷᠢᠯᠠᠬᠤ᠂ ᠰᠣᠯᠢᠯᠴᠠᠨ ᠰᠤᠷᠤᠯᠴᠠᠬᠤ᠂ ᠬᠠᠮᠲᠤ ᠪᠠᠷ ᠶᠠᠷᠢᠯᠴᠠᠬᠤ︾ ᠠᠷᠭ᠎ᠠ ᠮᠠᠶ᠋ᠢᠭ ᠢᠶᠠᠷ ᠥᠷᠨᠢᠭᠦᠯᠪᠡ᠃ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠪᠦᠬᠡ ᠫᠷᠤᠹᠧᠰᠰᠤᠷ᠂ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠯᠢ ᠬᠤᠩ ᠴᠧᠨ ᠫᠷᠤᠹᠧᠰᠰᠤᠷ ᠵᠡᠷᠭᠡ ᠶᠢ ᠣᠨᠴᠠᠭᠠᠶᠢᠯᠠᠨ ᠤᠷᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ᠂ ᠰᠡᠷᠡᠮᠵᠢᠯᠡᠭᠦᠯᠬᠦ ᠬᠥᠮᠦᠵᠢᠯ᠂ ᠤᠯᠤᠰ ᠤᠨ ᠠᠮᠤᠷ ᠲᠦᠪᠰᠢᠨ ᠤ ᠦᠵᠡᠯᠲᠡ ᠶᠢᠨ ᠬᠥᠮᠦᠵᠢᠯ ᠵᠡᠷᠭᠡ ᠠᠭᠤᠯᠭ᠎ᠠ ᠶᠢᠨ ᠲᠣᠭᠤᠷᠢᠨ ᠳᠤ ᠬᠢᠴᠢᠶᠡᠯ ᠣᠷᠣᠵᠤ᠂ ᠪᠦᠬᠦ ᠬᠤᠰᠢᠭᠤᠨ ᠤ ᠰᠠᠯᠠᠭᠠᠨ ᠳᠡᠰ ᠤᠨ ᠤᠳᠤᠷᠢᠳᠬᠤ ᠺᠠᠳ᠋ᠷ ᠤᠨ ᠤᠯᠤᠰ ᠲᠥᠷᠥ ᠶᠢᠨ ᠣᠨᠣᠯ ᠤᠨ ᠲᠦᠪᠰᠢᠨ᠂ ᠲᠤᠬᠠᠶᠢᠯᠠᠭᠰᠠᠨ ᠠᠵᠢᠯ ᠤᠨ ᠬᠡᠪ ᠴᠢᠨᠠᠷ ᠪᠣᠯᠤᠨ ᠠᠵᠢᠯ ᠤᠨ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠪᠡ᠃ ᠪᠣᠯᠪᠠᠰᠤᠷᠠᠯ ᠤᠨ ᠬᠤᠭᠤᠴᠠᠭᠠᠨ ᠳᠤ᠂ ᠪᠦᠬᠦ ᠬᠤᠰᠢᠭᠤᠨ ᠤ ᠪᠣᠯᠪᠠᠰᠤᠷᠠᠯ ᠳᠤ ᠣᠷᠣᠯᠴᠠᠭᠰᠠᠳ ᠣᠷᠭᠢᠯᠤᠮ᠎ᠠ ᠬᠠᠯᠠᠭᠤᠨ ᠰᠤᠷᠤᠯᠴᠠᠬᠤ ᠰᠡᠳᠬᠢᠯᠭᠡ᠂ ᠲᠥᠪ ᠴᠢᠬᠡᠴᠢ ᠰᠤᠷᠤᠯᠴᠠᠬᠤ ᠣᠪᠣᠷ ᠢᠶᠠᠷ ᠡᠯ᠎ᠡ ᠵᠦᠢᠯ ᠤᠨ ᠰᠤᠷᠤᠯᠴᠠᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠠᠵᠢᠯ ᠬᠢᠵᠦ ᠦᠢᠯᠡᠰ ᠪᠤᠰᠬᠠᠬᠤ ᠴᠤᠭ ᠰᠦᠯᠳᠡ ᠶᠢ ᠪᠦᠲᠦᠮᠵᠢᠲᠡᠢ ᠪᠠᠳᠠᠷᠠᠭᠤᠯᠵᠤ᠂ ᠬᠤᠶᠢᠰᠢᠳᠠ ᠶᠢᠨ ᠠᠵᠢᠯ ᠢ ᠵᠢᠯᠣᠭᠤᠳᠬᠤ᠂ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠳᠤ ᠪᠠᠲᠤ ᠪᠠᠬᠢ ᠦᠵᠡᠯ ᠰᠠᠨᠠᠭ᠎ᠠ ᠣᠨᠣᠯ ᠤᠨ ᠰᠠᠭᠤᠷᠢ ᠶᠢ ᠲᠠᠯᠪᠢᠵᠤ ᠥᠭᠴᠡᠢ᠃  
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号