ᠬᠠᠮᠳᠤ ᠶᠢᠨ ᠬᠤᠯᠪᠤᠭ᠎ᠠ  ︽ᠰᠢᠨ᠎ᠡ ᠡᠷᠡᠨ ᠤ ᠮᠠᠭᠳᠠᠭᠤ︾ ᠦᠵᠡᠭᠴᠢ ᠲᠦᠮᠡᠨ ᠲᠠᠢ ᠪᠠᠨ ᠵᠤᠯᠭᠠᠬᠤ ᠪᠠᠷ ᠪᠤᠢ
ᠨᠡᠶᠢᠲᠡᠯᠡᠭᠰᠡᠨ ᠴᠠᠭ᠄
2024/9/14
     ᠣᠶᠢᠷ᠎ᠠ ᠳᠤ᠂ ᠬᠤᠰᠢᠭᠤ ᠤᠯᠠᠭᠠᠨᠮᠥ᠋ᠴᠢᠷ ᠰᠢᠨᠡᠭᠡᠨ ᠵᠤᠬᠢᠶᠠᠨ ᠪᠦᠲᠦᠭᠡᠭᠰᠡᠨ ᠬᠠᠮᠳᠤ ᠶᠢᠨ ᠬᠤᠯᠪᠣᠭ᠎ᠠ ︽ᠰᠢᠨ᠎ᠡ ᠡᠷᠡᠨ ᠤ ᠮᠠᠭᠳᠠᠭᠤ︾ ᠪᠠᠨ ᠪᠤᠯᠪᠠᠰᠤᠷᠠᠵᠤ ᠳᠤᠭᠯᠠᠨ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠡᠷᠭᠢᠯᠡᠭᠰᠡᠨ ︽ᠰᠡᠳᠬᠢᠯ ᠢᠶᠠᠨ ᠨᠢᠭᠡᠳᠬᠡᠨ ᠡᠭᠦᠷᠭᠡ ᠬᠠᠷᠢᠭᠤᠴᠠᠯᠭ᠎ᠠ ᠡᠭᠦᠷᠭᠡᠯᠡᠵᠦ᠂ ᠰᠢᠨ᠎ᠡ ᠠᠶᠠᠨ ᠳᠤ ᠵᠤᠷᠢᠭᠳᠠᠢ ᠤᠷᠤᠭᠰᠢᠯᠠᠶ᠎ᠠ︾ ᠭᠡᠬᠦ ᠭᠤᠤᠯ ᠰᠡᠳᠦᠪᠲᠦ ᠤᠷᠠᠨ ᠰᠠᠶᠢᠬᠠᠨ ᠤ ᠦᠳᠡᠰᠢᠯᠡᠭᠡ ᠳᠤ ᠪᠡᠯᠡᠳᠭᠡᠵᠦ ᠪᠤᠢ᠃      ᠤᠯᠠᠭᠠᠨᠮᠥ᠋ᠴᠢᠷ ᠤᠨ ᠪᠣᠯᠪᠠᠰᠤᠷᠠᠯ ᠤᠨ ᠲᠢᠩᠬᠢᠮ ᠳᠤ ᠣᠷᠣᠬᠤ ᠳᠤ᠂ ︽ᠠᠭᠤᠳᠠᠮ ᠳᠠᠮᠠᠴᠢ ᠶᠢᠨ ᠨᠤᠳᠤᠭ ᠮᠢᠨᠢ ᠤᠯᠤᠰ ᠲᠦᠮᠡᠨ ᠳᠤ ᠪᠠᠨ ᠠᠯᠳᠠᠷᠳᠠᠢ᠂ ᠠᠭᠤᠤ ᠲᠦᠷᠦ ᠶᠢᠨ ᠳᠠᠯᠠᠨ ᠳᠠᠪᠤᠨ ᠵᠢᠯ ᠢᠶᠠᠨ ᠤᠭᠳᠤᠨ ᠪᠡᠯᠭᠡᠯᠡᠵᠦ ᠮᠠᠭᠳᠠᠶ᠎ᠠ︾ ᠬᠡᠬᠦ ᠤᠯᠠᠭᠠᠨᠮᠦ᠋ᠴᠢᠷ ᠤᠨ ᠤᠷᠠᠯᠢᠭᠴᠢᠳ ᠤᠨ ᠤᠶᠠᠩᠭᠠᠳᠤ ᠬᠤᠭᠤᠯᠠᠢ᠂ ᠠᠷᠠᠳ ᠤᠨ ᠬᠦᠭᠵᠢᠮ ᠤᠨ ᠢᠷᠠᠭᠤ ᠰᠣᠨᠣᠰᠬᠤᠯᠠᠩ ᠴᠤᠤᠷᠢᠶᠠᠳᠤᠨ᠂ ᠲᠣᠭᠯᠠᠭᠴᠢᠳ ᠴᠤᠭ ᠵᠢᠪᠬᠤᠭ᠎ᠠ ᠲᠡᠭᠦᠯᠳᠡᠷ᠂ ᠨᠢᠭᠤᠷ ᠲᠦᠭᠦᠷᠡᠩ ᠢᠨᠢᠶᠡᠮᠰᠦᠭᠯᠡᠯ ᠢᠶᠠᠷ ᠬᠤᠯᠪᠤᠭ᠎ᠠ ᠬᠡᠯᠡᠵᠦ᠂ ᠳᠤᠭᠯᠠᠯᠳᠠ ᠶᠢᠨ ᠢᠶᠠᠨ ᠪᠡᠯᠡᠳᠭᠡᠯ ᠪᠤᠯᠪᠠᠰᠤᠷᠠᠯ ᠳᠤ ᠶᠠᠭᠠᠷᠠᠵᠠᠭᠠᠨ᠎ᠠ᠃ ᠣᠶᠢᠯᠠᠭᠠᠭᠰᠠᠨ ᠢᠶᠠᠷ᠂ ᠡᠨᠡ ᠪᠣᠯ ᠬᠤᠰᠢᠭᠤ ᠤᠯᠠᠭᠠᠨᠮᠥ᠋ᠴᠢᠷ ᠤᠨ ᠭᠡᠰᠢᠭᠦᠳ ᠪᠣᠯᠤᠨ ᠤᠯᠠᠭᠠᠨᠮᠥ᠋ᠴᠢᠷ ᠤᠨ ᠬᠤᠭᠤᠴᠠᠭ᠎ᠠ ᠪᠦᠷᠢ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠠᠴᠠ ᠰᠢᠨ᠎ᠡ ᠳᠤᠮᠳᠠᠳᠤ ᠤᠯᠤᠰ ᠪᠣᠯᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠶ ᠳᠤ ᠪᠡᠯᠡᠭ ᠪᠠᠷᠢᠬᠤ ᠶᠢᠨ ᠲᠥᠯᠥᠭᠡ ᠵᠣᠬᠢᠶᠠᠨ ᠪᠦᠲᠦᠭᠡᠭᠰᠡᠨ ᠬᠠᠮᠳᠤ ᠶᠢᠨ ᠪᠦᠲᠦᠭᠡᠯ ᠪᠣᠯᠤᠨ᠎ᠠ᠃      ᠤᠯᠠᠭᠠᠨᠮᠥ᠋ᠴᠢᠷ ᠤᠨ ᠤᠷᠠᠯᠢᠭ ᠤᠨ ᠵᠢᠯᠤᠭᠤᠳᠤᠭᠴᠢ᠂ ᠤᠯᠤᠰ ᠤᠨ ᠨᠢᠭᠡᠳᠦᠭᠡᠷ ᠳᠡᠰ ᠤᠨ ᠲᠣᠭᠯᠠᠭᠴᠢ᠂ ᠬᠤᠰᠢᠭᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠮᠦᠩᠬᠡᠵᠢᠷᠭᠠᠯ ᠳᠤᠰ ᠪᠦᠲᠦᠭᠡᠯ ᠤᠨ ᠠᠶ᠎ᠠ ᠶᠢ ᠵᠤᠬᠢᠶᠠᠵᠤ᠂ ᠪᠦᠲᠦᠭᠡᠯ ᠢᠶᠠᠨ ᠨᠡᠩ ᠰᠠᠶᠢᠨ ᠢᠯᠡᠷᠡᠭᠦᠯᠬᠦ ᠶᠢᠨ ᠲᠥᠯᠥᠭᠡ᠂ ᠲᠡᠷᠡ ᠵᠤᠬᠢᠶᠠᠨ ᠪᠦᠲᠦᠭᠡᠯᠭᠡ ᠶᠢᠨ ᠬᠠᠮᠳᠤ ᠤᠯᠠᠨ ᠪᠠ ᠳᠤᠭᠯᠠᠭᠴᠢᠳ ᠲᠠᠢ ᠪᠠᠨ ᠬᠠᠮᠳᠤ ᠪᠠᠷ ᠳᠤᠭᠯᠠᠬᠤ ᠶᠢᠨ ᠳᠠᠭᠠᠤ ᠨᠠᠶᠢᠷᠠᠭᠤᠯᠤᠨ ᠵᠠᠰᠠᠵᠤ᠂ ᠬᠠᠮᠤᠭ ᠤᠨ ᠰᠠᠶᠢᠨ ᠳᠤᠭᠯᠠᠯᠳᠠ ᠦᠵᠡᠬᠦᠯᠪᠦᠷᠢ ᠪᠠᠨ ᠦᠷᠭᠡᠨ ᠲᠦᠮᠡᠨ ᠳᠤ ᠪᠠᠨ ᠡᠷᠬᠦᠨ ᠪᠠᠷᠢᠵᠤ᠂ ᠰᠢᠨ᠎ᠡ ᠳᠤᠮᠳᠠᠳᠤ ᠤᠯᠤᠰ ᠪᠠ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠶ ᠳᠤ ᠪᠡᠯᠡᠭ ᠪᠤᠯᠭᠠᠬᠤ ᠪᠠᠷ ᠪᠤᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号