ᠦᠭᠬᠢᠶᠠᠮᠤᠷ ᠬᠠᠶᠢᠷ᠎ᠠ ᠪᠠᠨ ᠦᠰᠪᠦᠷᠢ ᠶᠢᠨ ᠪᠠᠭᠠᠴᠤᠳ ᠲᠤ ᠶᠡᠭᠦᠯᠡᠭᠡ — ᠹᠧᠩ ᠰᠢᠶᠣᠤ ᠹᠠᠩ ᠪᠠᠭᠰᠢ
ᠨᠡᠶᠢᠲᠡᠯᠡᠭᠰᠡᠨ ᠴᠠᠭ᠄
2024/9/17
     ᠬᠢᠴᠢᠶᠡᠯ ᠤᠨ ᠲᠠᠩᠬᠢᠮ ᠳᠤ ᠲᠡᠷᠡ ᠰᠤᠷᠤᠭᠴᠢ ᠪᠤᠯᠭᠠᠨ ᠳᠤ ᠡᠷᠳᠡᠮ ᠮᠡᠳᠡᠯᠭᠡ ᠡᠵᠡᠮᠰᠢᠬᠦ ᠶᠢᠨ ᠬᠠᠪᠤ ᠴᠡᠩᠭᠡᠯ ᠎ ᠢ ᠤᠯᠭᠤᠨ᠎ᠠ᠃ ᠠᠯᠪᠠᠨ ᠭᠡᠷ ᠲᠡᠭᠡᠨ ᠲᠡᠷᠡ ᠦᠨᠡᠨᠴᠢ ᠰᠡᠳᠬᠢᠯᠭᠡ ᠪᠠᠷ ᠶᠤᠰᠤ ᠵᠦᠢ ᠶᠢ ᠲᠠᠶᠢᠯᠪᠤᠷᠢᠯᠠᠵᠦ᠂ ᠰᠤᠷᠤᠭᠴᠢᠳ ᠲᠠᠭᠠᠨ ᠤᠯᠠᠨ ᠵᠤᠶᠢᠯ ᠢ ᠲᠠᠨᠢᠭᠤᠯᠤᠨ᠎ᠠ᠃ ᠰᠤᠷᠭᠠᠭᠤᠯᠢ ᠶᠢᠨ ᠬᠦᠷᠢᠶᠡᠨ ᠳᠤ ᠲᠡᠷᠡ ᠤᠷᠬᠢᠯᠤᠮ᠎ᠠ ᠬᠠᠯᠠᠭᠤᠨ ᠰᠡᠳᠬᠢᠯᠭᠡ ᠪᠠᠷ ᠤᠬᠠᠭᠤᠯᠭ᠎ᠠ ᠲᠠᠶᠢᠯᠤᠮᠵᠢ ᠬᠢᠵᠦ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠶᠢ ᠳᠠᠮᠵᠢᠭᠤᠯᠤᠨ᠎ᠠ᠃ ᠲᠡᠷᠡ ᠪᠤᠯ ᠲᠠᠷᠤᠢ ᠮᠠᠨ ᠤ ᠬᠤᠰᠢᠭᠤᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ 6 ᠳ᠋ᠤᠭᠠᠷ ᠣᠨ ᠤ 2 ᠳ᠋ᠤᠭᠠᠷ ᠠᠩᠭᠢ ᠶᠢᠨ ᠠᠩᠭᠢ ᠶᠢᠨ ᠡᠷᠬᠢᠯᠡᠭᠴᠢ᠂ ᠳᠡᠭᠡᠳᠦ ᠳᠡᠰ ᠤᠨ ᠮᠡᠷᠭᠡᠵᠢᠯ ᠤᠨ ᠴᠤᠯᠠ ᠎ ᠲᠠᠢ ᠬᠡᠯᠡ ᠪᠢᠴᠢᠭ ᠤᠨ ᠪᠠᠭᠰᠢ ᠹᠧᠩ ᠰᠢᠶᠣᠤ ᠹᠠᠩ ᠪᠣᠯᠤᠨ᠎ᠠ᠃      ᠰᠤᠷᠭᠠᠨ ᠬᠥᠮᠦᠵᠢᠯ ᠤᠨ ᠠᠵᠢᠯ ᠢ ᠬᠢᠭᠰᠡᠨ 20 ᠭᠠᠷᠤᠢ ᠵᠢᠯ ᠤᠨ ᠲᠤᠷᠰᠢ᠂ ᠲᠡᠷᠡ ᠢᠮᠠᠭᠲᠠ ︽ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ︾᠎ ᠪᠠᠷ ᠥᠪᠡᠷ ᠤᠨ ᠡᠭᠦᠷᠭᠡ ᠪᠠᠨ ᠪᠣᠯᠭᠠᠵᠤ᠂ ᠵᠢᠭᠠᠨ ᠰᠤᠷᠭᠠᠯᠲᠠ ᠶᠢᠨ ᠡᠮᠦᠨ᠎ᠡ ᠹᠷᠣᠨᠲ ᠲᠤ ᠰᠢᠷᠭᠠᠭᠤ ᠬᠢᠴᠢᠶᠡᠩᠭᠦᠢ ᠪᠠᠷ ᠲᠡᠮᠡᠴᠡᠵᠦ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠪᠠᠭᠰᠢ ᠶᠢᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠵᠦ᠂ ᠬᠥᠮᠦᠨ ᠴᠢᠨᠠᠷ ᠪᠣᠯᠤᠨ ᠵᠠᠩ ᠮᠣᠷᠠᠯ ᠢᠶᠠᠷ ᠰᠤᠷᠤᠭᠴᠢᠳ ᠢ ᠨᠥᠯᠥᠭᠡᠯᠡᠵᠦ᠂ ᠬᠡᠦᠬᠡᠳ ᠤᠨ ᠥᠰᠦᠨ ᠪᠤᠶᠢᠵᠢᠬᠤ ᠵᠠᠮ ᠳᠡᠭᠡᠷᠡᠬᠢ ︽ᠵᠠᠮᠴᠢᠯᠠᠭᠴᠢ︾᠎ ᠨᠢ ᠪᠤᠯᠤᠭᠰᠠᠭᠠᠷᠷ ᠢᠷᠡᠭᠰᠡᠨ ᠶᠤᠮ᠃      ᠪᠠᠭᠰᠢᠯᠠᠭᠰᠠᠨ ᠠᠴᠠ ᠨᠠᠭᠠᠰᠢ᠂ ᠲᠡᠷᠡ ᠵᠢᠭᠠᠨ ᠰᠤᠷᠭᠠᠯᠲᠠ ᠶᠢᠨ ᠠᠵᠢᠯ ᠢ ᠴᠢᠩᠭ᠎ᠠ ᠠᠳᠬᠤᠨ᠂ ᠬᠢᠴᠢᠶᠡᠯ ᠨᠢᠭᠡᠪᠦᠷᠢ ᠶᠢ ᠰᠠᠶᠢᠲᠤᠷ ᠬᠢᠴᠢᠶᠡᠯᠯᠡᠬᠦ ᠶᠢᠨ ᠲᠥᠯᠥᠭᠡ᠂ ᠵᠢᠭᠠᠬᠤ ᠮᠠᠲ᠋ᠧᠷᠢᠶᠠᠯ ᠢ ᠲᠦᠪ ᠬᠢᠴᠢᠶᠡᠩᠬᠦᠢ ᠪᠠᠷ ᠰᠤᠳᠤᠯᠤᠨ᠂ ᠬᠢᠴᠢᠶᠡᠯ ᠢᠶᠠᠨ ᠨᠠᠷᠢᠨ ᠬᠢᠨᠠᠮᠠᠭᠠᠢ ᠪᠡᠯᠡᠳᠬᠡᠵᠦ᠂ ᠰᠤᠷᠤᠭᠴᠢᠳ ᠤᠨ ᠲᠠᠨᠢᠨ ᠮᠡᠳᠡᠬᠦᠢ ᠶᠢᠨ ᠵᠢᠮ᠎ᠡ ᠶᠣᠰᠣ ᠶᠢ ᠬᠦᠨᠳᠦᠳᠬᠡᠵᠦ᠂ ᠰᠤᠷᠤᠭᠴᠢᠳ ᠤᠨ ᠰᠤᠷᠤᠯᠴᠠᠬᠤ ᠣᠨᠴᠠᠯᠢᠭ ᠪᠣᠯᠤᠨ ᠳᠠᠳᠬᠠᠯ ᠢ ᠰᠤᠳᠤᠯᠵᠤ᠂ ᠰᠤᠷᠤᠭᠴᠢᠳ ᠤᠨ ᠠᠩᠬᠠᠷᠤᠯ ᠢ ᠠᠳᠬᠤᠨ᠂ ᠪᠦᠲᠦᠮᠵᠢᠲᠡᠢ ᠵᠢᠭᠠᠨ ᠰᠤᠷᠭᠠᠬᠤ ᠠᠷᠭ᠎ᠠ ᠬᠡᠯᠪᠡᠷᠢ ᠶᠢ ᠰᠦᠪᠡᠭᠴᠢᠯᠡᠵᠦ᠂ ᠠᠪᠢᠶᠠᠰ ᠲᠤᠨᠢ ᠲᠣᠬᠢᠷᠠᠭᠤᠯᠤᠨ ᠵᠢᠭᠠᠨ ᠰᠤᠷᠭᠠᠵᠦ᠂ ᠰᠤᠷᠤᠭᠴᠢᠳ ᠪᠤᠯᠤᠨ ᠭᠡᠷ ᠤᠨ ᠠᠬᠠᠮᠠᠳ ᠤᠨ ᠲᠤᠮᠳᠠ ᠰᠠᠶᠢᠨ ᠦᠨᠡᠯᠡᠯᠳᠡ ᠶᠢ ᠤᠯᠤᠭᠰᠠᠨ ᠪᠠᠶᠢᠳᠠᠭ᠃ ᠠᠩᠭᠢ ᠶᠢᠨ ᠡᠷᠬᠢᠯᠡᠭᠴᠢ ᠪᠣᠯᠤᠭᠰᠠᠨ ᠤ ᠬᠤᠪᠢ ᠳᠤ ᠲᠡᠷᠡ ᠬᠠᠶᠢᠷ᠎ᠠ ᠬᠦᠨᠳᠦᠳᠬᠡᠯ ᠢᠶᠠᠷ ᠦᠨᠳᠦᠰᠦᠯᠡᠨ᠂ ᠡᠶ᠎ᠡ ᠵᠣᠬᠢᠴᠠᠩᠭᠤᠢ ᠡᠮᠬᠢ ᠵᠢᠷᠤᠮ ᠲᠠᠢ᠂ ᠢᠳᠡᠪᠬᠢᠲᠡᠢ ᠪᠠᠷ ᠥᠭᠡᠳᠡᠯᠡᠨ ᠳᠠᠪᠰᠢᠭᠰᠠᠨ ᠠᠩᠭᠢ ᠶᠢᠨ ᠠᠭᠤᠷ ᠠᠮᠢᠰᠬᠤᠯ ᠢ ᠪᠣᠢ ᠪᠣᠯᠭᠠᠵᠤ᠂ ᠪᠡᠶ᠎ᠡ ᠪᠠᠷ ᠢᠶᠠᠨ ᠬᠡᠪ ᠳᠠᠭᠤᠷᠢᠶᠠᠯ ᠪᠤᠯᠵᠦ᠂ ᠦᠭᠡ ᠶᠠᠷᠢᠶ᠎ᠠ ᠦᠢᠯᠡ ᠠᠵᠢᠯᠯᠠᠭ᠎ᠠ ᠪᠠᠷ ᠢᠶᠠᠨ ᠵᠢᠯᠤᠭᠤᠳᠤᠨ᠂ ᠰᠤᠷᠤᠭᠴᠢ ᠨᠢᠭᠡᠪᠦᠷᠢ ᠶᠢ ᠪᠠᠶᠠᠷ ᠪᠠᠶᠠᠰᠬᠤᠯᠠᠩ ᠲᠠᠢ ᠪᠠᠷ ᠰᠤᠷᠤᠯᠴᠠᠵᠤ᠂ ᠡᠷᠡᠭᠦᠯ ᠢᠶᠠᠷ ᠦᠰᠦᠨ ᠪᠤᠶᠢᠵᠢᠬᠤ ᠶᠢ ᠴᠢᠬᠤᠯᠠᠴᠢᠯᠠᠭᠰᠠᠭᠠᠷ ᠢᠷᠡᠪᠡ᠃ ᠲᠡᠷᠡ ᠤᠷᠢᠳ ᠬᠤᠵᠢᠳ ᠬᠤᠰᠢᠭᠤ ᠳᠡᠰ ᠤᠨ ᠰᠢᠯᠢᠳᠡᠭ ᠠᠩᠭᠢ ᠶᠢᠨ ᠡᠷᠬᠢᠯᠡᠭᠴᠢ᠂ ᠬᠤᠰᠢᠭᠤ ᠳᠡᠰ ᠤᠨ ᠵᠢᠭᠠᠨ ᠰᠤᠷᠭᠠᠯᠲᠠ ᠶᠢᠨ ᠴᠢᠳᠠᠪᠤᠷᠢᠲᠠᠨ᠂ ᠠᠶᠢᠮᠠᠭ ᠤᠨ ᠳᠡᠰ ᠤᠨ ᠭᠤᠣᠯᠯᠠᠭᠴᠢ ᠪᠠᠭᠰᠢ᠂ ᠬᠤᠰᠢᠭᠤ ᠳᠡᠰ᠂ ᠠᠶᠢᠮᠠᠭ ᠤᠨ ᠳᠡᠰ᠂ ᠣᠷᠣᠨ ᠤ ᠳᠡᠰ ᠤᠨ ᠰᠢᠯᠢᠳᠡᠭ ᠵᠢᠯᠤᠭᠤᠳᠤᠭᠴᠢ ᠪᠠᠭᠰᠢ ᠵᠡᠷᠭᠡ ᠢᠷᠠᠭᠤ ᠠᠯᠳᠠᠷ ᠢ ᠬᠦᠷᠲᠡᠵᠦ᠂ ᠠᠩᠭᠢ ᠨᠢᠭᠡᠴᠡ ᠨᠢ ᠴᠦ ᠬᠤᠰᠢᠭᠤ ᠳᠡᠰ ᠤᠨ ᠰᠢᠯᠢᠳᠡᠭ ᠠᠩᠭᠢ᠂ ᠠᠶᠢᠮᠠᠭ ᠤᠨ ᠳᠡᠰ ᠤᠨ ᠰᠢᠯᠢᠳᠡᠭ ᠳᠤᠮᠳᠠ ᠠᠩᠭᠢ ᠵᠡᠷᠭᠡ ᠢᠷᠠᠭᠤ ᠠᠯᠳᠠᠷ ᠢ ᠬᠦᠷᠳᠡᠭᠰᠡᠨ ᠪᠠᠶᠢᠳᠠᠭ᠃      ᠰᠤᠷᠭᠠᠨ ᠬᠥᠮᠦᠵᠢᠯ ᠤᠨ ᠠᠵᠢᠯᠲᠠᠨ ᠪᠣᠯᠤᠭᠰᠠᠨ ᠤ ᠬᠤᠪᠢ ᠳᠤ᠂ ᠹᠧᠩ ᠰᠢᠶᠣᠤ ᠹᠠᠩ ᠪᠠᠭᠰᠢᠯᠠᠭᠰᠠᠨ ᠲᠡᠷᠡ ᠡᠳᠦᠷ ᠠᠴᠠ ᠡᠬᠢᠯᠡᠨ᠂ ︽ᠨᠠᠮ ᠤᠨ ᠲᠥᠯᠥᠭᠡ ᠬᠥᠮᠦᠨ ᠬᠥᠮᠦᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ︾ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠪᠠᠲᠤ ᠴᠡᠭᠡᠵᠢᠯᠡᠵᠦ᠂ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ᠂ ᠢᠳᠡᠪᠬᠢᠲᠡᠢ ᠤᠷᠤᠭᠰᠢᠯᠠᠵᠤ᠂ ᠰᠤᠷᠤᠭᠴᠢ ᠨᠢᠭᠡᠪᠦᠷᠢ ᠶᠢ ᠴᠢᠳᠠᠪᠤᠷᠢᠳᠠᠨ ᠪᠣᠯᠭᠠᠬᠤ ᠪᠠᠷ ᠮᠡᠷᠡᠶᠢᠨ ᠴᠢᠷᠮᠠᠶᠢᠭᠰᠠᠭᠠᠷ ᠢᠷᠡᠭᠰᠡᠨ ᠶᠤᠮ᠃  
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号