ᠰᠢᠨᠵᠢᠯᠡᠬᠦ ᠤᠬᠠᠭᠠᠨᠴᠢ ᠪᠠᠷ ᠮᠠᠯᠵᠢᠭᠰᠠᠨ ᠰᠢᠨ᠎ᠡ ᠴᠠᠭ ᠤᠨ ᠮᠠᠯᠴᠢᠨ ᠵᠠᠯᠠᠭᠤ — ᠨᠠᠮᠤᠷ
ᠨᠡᠶᠢᠲᠡᠯᠡᠭᠰᠡᠨ ᠴᠠᠭ᠄
2024/9/17
     ᠠᠪᠤ ᠡᠵᠢ ᠶᠢᠨ ᠢᠶᠠᠨ ᠡᠷᠬᠢᠯᠡᠭᠰᠡᠨ ᠦᠢᠯᠡᠰ ᠢ ᠵᠠᠯᠭᠠᠮᠵᠢᠯᠠᠵᠤ᠂ ᠮᠠᠯᠴᠢᠨ ᠤᠳᠤᠮ ᠢᠶᠠᠨ ᠦᠪᠯᠡᠨ ᠨᠤᠳᠤᠭ ᠤᠷᠤᠨ ᠢᠶᠠᠨ ᠬᠦᠭᠵᠢᠬᠦᠯᠦᠶ᠎ᠡ ᠬᠡᠰᠡᠨ ᠵᠤᠷᠢᠮᠠᠭ ᠪᠤᠳᠤᠯ ᠬᠡᠳᠦ ᠶᠢᠨ ᠬᠦᠰᠡᠯᠡᠩ ᠢᠶᠠᠷ ᠤᠶᠤᠳᠠᠨ ᠠᠬᠤᠢ ᠴᠠᠭ ᠢᠶᠠᠨ ᠳᠡᠬᠦᠰᠭᠡᠭᠡᠳ ᠨᠤᠳᠤᠭ ᠢᠶᠠᠨ ᠵᠤᠷᠢᠭᠰᠠᠨ ᠮᠠᠯᠴᠢᠨ ᠵᠠᠯᠠᠭᠤ ᠨᠠᠮᠤᠷ ᠤᠨ ᠰᠠᠨᠠᠭᠰᠠᠨ ᠦᠢᠯᠡᠰ ᠨᠢ ᠪᠦᠲᠦᠵᠦ᠂ ᠰᠢᠨᠵᠢᠯᠡᠬᠦ ᠤᠬᠠᠭᠠᠨᠴᠢ ᠮᠠᠯᠵᠢᠯ ᠢᠶᠠᠷ ᠬᠦᠳᠡᠭᠡ ᠨᠤᠳᠤᠭ ᠤᠨ ᠢᠶᠠᠨ ᠬᠦᠭᠵᠢᠯ ᠳᠤ ᠬᠦᠴᠦᠨ ᠨᠡᠮᠡᠷᠢᠯᠡᠵᠦ ᠶᠠᠪᠤᠨ᠎ᠠ᠃      ᠬᠤᠯᠠ ᠠᠴᠠ ᠬᠠᠷᠠᠭᠳᠠᠬᠤ ᠬᠤᠳᠠ ᠬᠤᠷᠤᠭ᠎ᠠ ᠨᠢ ᠴᠡᠪᠡᠷ ᠴᠡᠮᠴᠡᠭᠡᠷ᠂ ᠠᠯᠠᠭᠯᠠᠨ ᠪᠡᠯᠴᠢᠬᠦ ᠦᠭᠡᠷ ᠤᠨ ᠰᠦᠷᠦᠭ ᠨᠢ ᠳᠠᠷᠭᠤ ᠬᠦᠴᠦ ᠰᠠᠶᠢᠳᠠᠢ᠂ ᠳᠤᠬᠢᠯᠢᠭ ᠰᠠᠶᠢᠬᠠᠨ ᠬᠠᠰᠢᠶ᠎ᠠ ᠰᠠᠷᠠᠪᠴᠢ᠂ ᠰᠠᠭᠤᠷᠢ ᠪᠦᠲᠦᠭᠡᠨ ᠪᠠᠶᠢᠭᠤᠯᠤᠯᠳᠠ ᠨᠢ ᠬᠠᠷᠠᠬᠤ ᠠᠴᠠ ᠯᠡ ᠠᠵᠢᠯᠴᠢ ᠬᠦᠳᠡᠯᠮᠦᠷᠢᠴᠢ᠂ ᠤᠷᠤᠯᠳᠤᠯᠭ᠎ᠠ ᠲᠠᠢ ᠮᠠᠯᠴᠢᠨ ᠠᠶᠢᠯ ᠭᠡᠳᠡᠭ ᠨᠢ ᠳᠤᠳᠤᠷᠬᠠᠢ᠃ ᠬᠠᠶᠢᠷᠠᠳᠠᠢ ᠭᠡᠷᠭᠡᠢ ᠪᠠᠨ ᠳᠠᠭᠠᠭᠤᠯᠤᠨ ᠬᠤᠩᠭᠤᠷ ᠦᠷ᠎ᠡ ᠪᠠᠨ ᠡᠷᠭᠡᠯᠡᠬᠦᠯᠦᠨ ᠠᠵᠢᠯ ᠢᠶᠠᠨ ᠠᠮᠵᠢᠭᠤᠯᠵᠤ ᠬᠢᠯᠠᠷᠠᠭ᠎ᠠ ᠡᠨᠡ ᠵᠠᠯᠠᠭᠤ ᠪᠤᠯ ᠮᠠᠯᠴᠢᠨ ᠨᠠᠮᠤᠷ᠃ 2016 ᠣᠨ ᠳᠤ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠠᠴᠠ ᠰᠤᠷᠤᠯᠭ᠎ᠠ ᠳᠡᠭᠦᠰᠦᠭᠡᠳ᠂ ᠨᠤᠲᠤᠭ ᠲᠠᠭᠠᠨ ᠢᠷᠡᠵᠦ ᠦᠶᠯᠡᠰ ᠴᠤᠭᠴᠠᠯᠠᠨ᠂ ᠮᠠᠯ ᠤᠨ ᠡᠬᠦᠯᠳᠡᠷ ᠰᠠᠶᠢᠵᠢᠷᠠᠭᠤᠯᠬᠤ ᠪᠠ ᠮᠠᠯ ᠰᠦᠷᠦᠭ ᠤᠨ ᠪᠦᠲᠦᠴᠡ ᠪᠠᠨ ᠰᠢᠯᠢᠳᠡᠭᠵᠢᠭᠦᠯᠬᠦ ᠳᠡᠭᠡᠷ᠎ᠡ ᠬᠦᠴᠦ ᠲᠠᠯᠪᠢᠵᠤ ᠴᠢᠷᠮᠠᠶᠢᠨ ᠠᠵᠢᠯᠯᠠᠭᠰᠠᠨ ᠳᠤᠷᠰᠢᠯᠭ᠎ᠠ ᠲᠠᠢ ᠵᠠᠯᠠᠭᠤ ᠮᠠᠯᠴᠢᠨ ᠶᠤᠮ᠃      ᠨᠠᠮᠤᠷ 2018 ᠣᠨ ᠠᠴᠠ ᠡᠬᠢᠯᠡᠨ ᠦᠬᠡᠷ ᠤᠨ ᠢᠶᠠᠨ ᠡᠬᠦᠯᠳᠡᠷ ᠢ ᠰᠠᠶᠢᠵᠢᠷᠠᠭᠤᠯᠬᠤ᠂ ᠳᠠᠷᠭᠤ ᠬᠦᠴᠦ ᠶᠢ ᠪᠠᠳᠤᠯᠠᠬᠤ᠂ ᠲᠦᠯ ᠳᠤᠰᠬᠤ ᠨᠤᠷᠮ᠎ᠠ ᠶᠢ ᠪᠠᠳᠤᠯᠠᠬᠤ᠂ ᠤᠷᠤᠯᠭ᠎ᠠ ᠪᠠᠨ ᠨᠡᠮᠡᠭᠳᠡᠬᠦᠯᠬᠦ ᠵᠡᠷᠭᠡ ᠳᠠᠯ᠎ᠠ ᠪᠠᠷ ᠨᠠᠷᠢᠨ ᠨᠢᠮᠪᠠᠢ ᠰᠤᠳᠤᠯᠤᠨ ᠲᠦᠯᠦᠪᠯᠡᠵᠦ᠂ ᠨᠠᠷᠢᠯᠢᠭ ᠳᠡᠵᠢᠬᠡᠵᠦ ᠦᠰᠭᠡᠭᠰᠡᠨ ᠢᠶᠠᠷ ᠪᠠᠷᠠᠬᠤ ᠦᠬᠡᠢ ᠤᠷᠢᠳ ᠬᠤᠵᠢᠳ ᠰᠢᠯᠢ ᠶᠢᠨ ᠭᠤᠤᠯ ᠠᠶᠢᠮᠠᠭ ᠤᠨ ᠶᠠᠳᠠᠭᠤ ᠶᠢ ᠲᠡᠳᠬᠦᠵᠦ ᠠᠳᠠᠯ ᠦᠶᠯᠡᠰ ᠴᠣᠭᠴᠠᠯᠠᠵᠤ ᠪᠠᠶᠠᠵᠢᠨ ᠴᠢᠨᠡᠭᠡᠯᠢᠭᠵᠢᠬᠦ ᠳᠠᠭᠠᠭᠤᠯᠤᠭᠴᠢ ᠶᠢᠨ ᠰᠤᠷᠭᠠᠯᠳᠠ᠂ ᠥᠪᠥᠷ ᠮᠣᠩᠭᠤᠯ ᠤᠨ ᠵᠠᠯᠠᠭᠤᠴᠤᠳ ᠤᠨ ᠠᠵᠢᠯ ᠣᠯᠭᠤᠯᠲᠠ ᠶᠢᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠰᠤᠷᠭᠠᠯᠳᠠ ᠳᠤ ᠵᠡᠷᠭᠡ ᠪᠤᠯᠪᠠᠰᠤᠷᠠᠯ ᠰᠤᠷᠭᠠᠯᠳᠠ ᠳᠤ ᠳᠠᠷᠠᠭᠠᠯᠠᠨ ᠤᠷᠤᠯᠴᠠᠵᠤ᠂ ᠮᠠᠯᠵᠢᠬᠤ ᠣᠷᠣᠨ ᠤ ᠮᠠᠯ ᠤᠨ ᠡᠪᠡᠳᠴᠢᠨ ᠬᠢᠵᠢᠭ  ᠢ ᠰᠡᠷᠭᠡᠶᠢᠯᠡᠨ ᠵᠠᠰᠠᠬᠤ ᠲᠤᠬᠠᠶ ᠮᠡᠳᠡᠯᠭᠡ ᠶᠢ ᠰᠢᠰᠲ᠋ᠧᠮ ᠲᠠᠢ ᠰᠤᠷᠤᠯᠴᠠᠭᠰᠠᠨ ᠤ ᠬᠠᠮᠳᠤ ᠡᠪ ᠬᠠᠮᠲᠤ ᠵᠠᠯᠠᠭᠤᠴᠤᠳ  ᠤᠨ ᠡᠪᠯᠡᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠠᠴᠠ ᠰᠤᠷᠤᠯᠭ᠎ᠠ ᠲᠡᠭᠦᠰᠦᠭᠰᠡᠨ ᠦᠨᠡᠮᠯᠡᠯ ᠭᠠᠷᠳᠠᠵᠠᠢ᠃ ᠡᠪᠡᠰᠦ ᠪᠤᠷᠳᠤᠭ᠎ᠠ ᠬᠤᠯᠢᠵᠤ ᠨᠠᠶᠢᠷᠠᠭᠤᠯᠬᠤ᠂ ᠡᠪᠡᠰᠦ ᠳᠠᠷᠬᠠᠭᠠᠬᠤ ᠠᠴᠠ ᠡᠬᠢᠯᠡᠭᠡᠳ ᠬᠤᠳᠠ ᠬᠤᠷᠤᠭ᠎ᠠ ᠪᠠᠨ ᠴᠡᠪᠡᠷᠯᠡᠬᠦ ᠬᠦᠷᠳᠡᠯ᠎ᠡ ᠪᠦᠬᠦ ᠶᠠᠪᠤᠴᠠ ᠳᠤ ᠮᠠᠰᠢᠨ ᠮᠧᠬᠠᠨᠢᠭ ᠬᠦᠳᠡᠯᠭᠡᠵᠦ ᠬᠦᠴᠦ ᠴᠠᠭ ᠢᠶᠠᠨ ᠠᠷᠪᠢᠯᠠᠵᠤ᠂ ᠦᠪᠡᠷ ᠢ  ᠪᠠᠨ ᠴᠢᠯᠦᠬᠡᠯᠡᠵᠦ ᠪᠠᠶᠢᠭ᠎ᠠ ᠨᠢ ᠰᠢᠨ᠎ᠡ ᠴᠠᠭ ᠤᠨ ᠮᠠᠯᠴᠢᠨ ᠵᠠᠯᠠᠭᠤ ᠶᠢᠨ ᠰᠢᠷᠭᠠᠭᠤ ᠤᠷᠤᠯᠳᠤᠯᠭ᠎ᠠ ᠬᠤᠯᠠᠴᠢ ᠤᠬᠠᠭᠠᠨ ᠬᠡᠯᠳᠡᠢ᠃ ᠳᠡᠵᠢᠬᠡᠵᠦ ᠡᠪᠡᠰᠦᠯᠡᠬᠦ ᠦᠶ᠎ᠡ ᠳᠤ ᠮᠦᠷᠬᠦᠯᠳᠦᠵᠦ ᠬᠡᠮᠳᠦᠬᠦ ᠠᠴᠠ ᠰᠡᠷᠭᠡᠶᠢᠯᠡᠵᠦ 2019 ᠣᠨ ᠠᠴᠠ ᠡᠬᠢᠯᠡᠨ ᠨᠠᠮᠤᠷ ᠬᠠᠰᠢᠵᠤ ᠳᠡᠵᠢᠬᠡᠬᠦ᠂ ᠡᠮ ᠴᠢᠳᠬᠤᠬᠤ ᠵᠡᠷᠭᠡ ᠤᠯᠠᠨ ᠭᠡᠷᠡᠭᠴᠡᠭᠡᠳᠦ ᠭᠡᠷᠡᠰᠭᠡ ᠦᠪᠡᠰᠦᠪᠡᠨ ᠵᠢᠷᠤᠵᠤ ᠲᠦᠯᠦᠪᠯᠡᠨ᠂ ᠴᠠᠭ ᠬᠦᠴᠦ ᠪᠠ ᠣᠷᠣᠨ ᠵᠠᠶ ᠶᠢ ᠠᠷᠪᠢᠯᠠᠵᠤ᠂ ᠦᠶᠯᠡᠳᠪᠦᠷᠢᠯᠡᠯ ᠤᠨ ᠦᠷ᠎ᠡ ᠪᠦᠲᠦᠮᠵᠢ ᠪᠠᠨ ᠳᠤᠶᠢᠯ ᠤᠨ ᠶᠡᠭᠡ ᠪᠠᠷ ᠳᠡᠭᠡᠭᠰᠢᠯᠡᠬᠦᠯᠦᠭᠰᠡᠨ ᠤ ᠬᠠᠮᠳᠤ᠂ 2021 ᠣᠨ ᠤ 3 ᠰᠠᠷ᠎ᠠ ᠳᠤ᠂ ᠳᠤᠰ ᠣᠯᠠᠨ ᠭᠡᠷᠡᠭᠴᠡᠭᠡᠳᠦ ᠬᠡᠷᠡᠰᠬᠡ ᠨᠢ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠤᠪᠴᠢᠶᠠᠨ ᠤ ᠲᠤᠰᠬᠠᠶ ᠠᠰᠢᠭ ᠤᠨ ᠡᠷᠬᠡ ᠶᠢ ᠤᠯᠵᠤ᠂ ᠲᠠᠷᠠᠭᠠᠴᠢ ᠶᠢᠨ ᠠᠯᠬᠤᠮ ᠳᠤ ᠨᠠᠮᠤᠷ ᠲᠣᠰ ᠲᠥᠷᠥᠯ ᠵᠦᠶᠯ ᠢ ᠥᠷᠭᠡᠨ ᠣᠯᠠᠨ ᠮᠠᠯᠵᠢᠬᠤ ᠣᠷᠣᠨ ᠤ ᠦᠬᠡᠷ ᠦᠰᠬᠡᠬᠦ ᠲᠤᠰᠬᠠᠶ ᠡᠷᠦᠬᠡ ᠳᠤ ᠳᠡᠯᠭᠡᠷᠡᠭᠦᠯᠬᠦ ᠪᠠᠷ ᠪᠤᠢ᠃      ᠮᠠᠯᠵᠢᠯ ᠦᠶᠯᠡᠳᠪᠦᠷᠢᠯᠡᠯ ᠢᠶᠠᠨ ᠬᠦᠭᠵᠢᠬᠦᠯᠬᠦ ᠪᠠᠷ ᠠᠷᠭ᠎ᠠ ᠤᠬᠠᠭᠠᠨ ᠢᠶᠠᠨ ᠰᠢᠪᠬᠠᠵᠤ᠂ ᠠᠮᠢᠳᠤᠷᠠᠯ ᠢᠶᠠᠨ ᠤᠯᠠᠮ ᠦᠬᠡᠳᠡᠯᠡᠬᠦᠯᠬᠦ ᠪᠠᠷ ᠮᠡᠷᠡᠶᠢᠨ ᠵᠤᠷᠢᠳᠠᠭ ᠨᠠᠮᠤᠷ 2018 ᠣᠨ ᠤ 7 ᠰᠠᠷ᠎ᠠ ᠳᠤ ᠨᠠᠮ ᠳᠤ ᠡᠯᠰᠡᠭᠳᠡᠨ᠂ ᠡᠪ ᠬᠠᠮᠲᠤ ᠨᠠᠮ ᠤᠨ ᠭᠡᠰᠢᠭᠦᠨ ᠤ ᠡᠷᠬᠢᠮ ᠬᠠᠷᠢᠭᠤᠴᠠᠯᠭ᠎ᠠ ᠶᠢ ᠡᠬᠦᠷᠬᠡᠯᠡᠵᠦ᠂ ᠤᠳᠤ ᠦᠶ᠎ᠡ ᠶᠢᠨ ᠮᠠᠯ ᠠᠵᠤ ᠠᠬᠤᠢ ᠶᠢ ᠲᠦᠷᠭᠡᠳᠬᠡᠨ ᠬᠥᠭᠵᠢᠭᠦᠯᠵᠦ᠂ ᠮᠠᠯᠴᠢᠨ ᠤᠯᠠᠨ ᠢᠶᠠᠨ ᠳᠠᠭᠠᠭᠤᠯᠤᠨ ᠪᠠᠶᠠᠵᠢᠭᠤᠯᠵᠤ᠂ ᠬᠦᠳᠡᠭᠡ ᠨᠤᠳᠤᠭ ᠢᠶᠠᠨ ᠬᠦᠭᠵᠢᠯ ᠳᠤ ᠬᠦᠳᠦᠯᠬᠦ ᠠᠩᠬᠠᠨ ᠤ ᠵᠤᠷᠢᠯᠳᠠ ᠪᠠᠨ ᠪᠡᠶᠡᠯᠡᠬᠦᠯᠬᠦ ᠪᠠᠷ ᠴᠢᠷᠮᠠᠶᠢᠵᠤ ᠶᠠᠪᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号