ᠤᠶᠢᠷ᠎ᠠ ᠶᠢᠨ ᠵᠢᠯ ᠪᠤᠯᠤᠭ᠎ᠠ ᠦᠭᠡᠢ ᠬᠤᠷ᠎ᠠ ᠲᠠᠢ ᠳᠠᠷᠭᠤ ᠲᠠᠢ ᠰᠠᠶᠢᠬᠠᠨ ᠨᠠᠮᠤᠷ ᠰᠦᠨᠢᠳ ᠤᠨ ᠳᠠᠯ᠎ᠠ ᠳᠤ | ᠰᠠᠭᠠᠳᠠᠵᠤ᠂ ᠮᠠᠯᠴᠢᠳ ᠮᠠᠯ ᠤᠨ ᠭᠠᠷᠭᠠᠯᠳᠠ ᠶᠢᠨ ᠠᠵᠢᠯ ᠳᠤ ᠪᠠᠨ ᠶᠠᠭᠠᠷᠠᠵᠤ ᠡᠬᠢᠯᠡᠯ᠎ᠡ᠃ | ᠥᠷᠯᠥᠭᠡ ᠡᠷᠲᠡ᠂ ᠰᠠᠶᠢᠬᠠᠨᠲᠠᠯ᠎ᠠ ᠪᠠᠯᠭᠠᠰᠤᠨ ᠤ ᠪᠠᠶᠠᠨᠬᠠᠩᠭᠠᠶ ᠭᠠᠴᠠᠭᠠᠨ ᠤ ᠮᠠᠯᠴᠢᠨ ᠭᠤᠣ ᠷᠦᠨ ᠮᠢᠩ | 300 ᠭᠠᠷᠤᠢ ᠬᠤᠷᠠᠭ᠎ᠠ ᠪᠠᠨ ᠳᠡᠭᠡᠭᠡᠵᠦ᠂ ᠨᠢᠲᠤᠯᠵᠤ ᠪᠣᠯᠪᠠᠰᠤᠷᠠᠭᠤᠯᠬᠤ ᠠᠵᠤ ᠠᠬᠤᠶᠢᠯᠠᠯ ᠳᠤ ᠢᠷᠡᠯ᠎ᠡ᠃ | 9 ᠰᠠᠷ᠎ᠠ ᠪᠣᠯ ᠮᠠᠯᠴᠢᠳ ᠤᠨ ᠮᠠᠯ ᠤᠨ ᠭᠠᠷᠭᠠᠯᠳᠠ ᠬᠢᠬᠦ ᠶᠠᠭᠠᠷᠠᠯᠳᠠᠢ ᠴᠠᠭ᠂ ᠮᠦᠨᠴᠦ ᠰᠢᠵᠢᠷ ᠠᠯᠳᠠᠨ | ᠤᠯᠠᠷᠢᠯ ᠪᠤᠯᠤᠨ᠎ᠠ᠂ ᠡᠨᠡ ᠵᠢᠯ ᠬᠤᠷ᠎ᠠ ᠪᠤᠷᠤᠭᠠᠨ ᠡᠯᠪᠡᠭ ᠮᠠᠯ ᠰᠦᠷᠦᠭ ᠳᠠᠷᠭᠤ ᠬᠦᠴᠦ ᠰᠠᠶᠢᠳᠠᠢ ᠰᠠᠶᠢᠬᠠᠨ ᠨᠠᠮᠤᠷ | ᠪᠤᠯᠤᠭᠰᠠᠨ ᠠᠴᠠ ᠮᠠᠯᠴᠢᠳ ᠴᠦ ᠮᠠᠯ ᠤᠨ ᠭᠠᠷᠭᠠᠯᠳᠠ ᠬᠢᠬᠦ ᠳᠤ ᠤᠷᠮᠠᠳᠠᠢ ᠪᠠᠶᠢᠯ᠎ᠠ᠃ ᠰᠤᠷᠪᠤᠯᠵᠢᠯᠠᠭᠴᠢ ᠮᠥᠩᠬᠡ | ᠭᠤᠣᠯ ᠮᠢᠬᠠᠨ ᠤ ᠦᠢᠯᠡᠰ ᠲᠤ ᠬᠦᠷᠬᠦ ᠳᠤ᠂ ᠬᠤᠷᠠᠭ᠎ᠠ ᠳᠡᠭᠡᠭᠡᠵᠦ ᠢᠷᠡᠭᠰᠡᠨ ᠮᠠᠯᠴᠢᠨ ᠤᠯᠠᠨ ᠪᠠᠶᠢᠯ᠎ᠠ᠃ ᠠᠵᠤ | ᠠᠬᠤᠶᠢᠯᠠᠯ ᠤᠨ ᠬᠠᠷᠢᠭᠤᠴᠠᠯᠭᠠᠲᠠᠨ ᠰᠤᠷᠪᠤᠯᠵᠢᠯᠠᠭᠴᠢ ᠳᠤ᠂ 9 ᠰᠠᠷ᠎ᠠ ᠶᠢᠨ 1 ᠤ ᠡᠳᠦᠷ ᠠᠴᠠ ᠡᠬᠢᠯᠡᠨ ᠮᠠᠯᠴᠢᠳ | ᠬᠤᠶᠢᠨ᠎ᠠ ᠬᠤᠶᠢᠨ᠎ᠠ ᠠᠴᠠ ᠪᠠᠨ ᠬᠤᠷᠠᠭ᠎ᠠ ᠪᠠᠨ ᠬᠤᠳᠠᠯᠳᠤᠵᠤ ᠡᠬᠢᠯᠡᠨ᠂ ᠬᠤᠷᠠᠭ᠎ᠠ ᠣᠯᠠᠨ ᠪᠠᠶᠢᠳᠠᠯ ᠳᠤ ᠵᠠᠷᠢᠮ ᠳᠤ | ᠪᠠᠨ 2 ᠡᠳᠦᠷ ᠬᠦᠯᠢᠶᠡᠬᠦ ᠦᠶ᠎ᠡ ᠭᠠᠷᠳᠠᠭ᠃ ᠡᠳᠦᠷ ᠲᠤ ᠮᠢᠩᠭ᠎ᠠ ᠭᠠᠷᠤᠢ ᠬᠤᠷᠠᠭ᠎ᠠ ᠨᠢᠳᠤᠯᠵᠤ ᠪᠠᠶᠢᠨ᠎ᠠ ᠭᠡᠯᠡ᠃ | ᠮᠠᠯ ᠤᠨ ᠭᠠᠷᠭᠠᠯᠳᠠ ᠶᠢᠨ ᠤᠷᠬᠢᠯ ᠦᠶ᠎ᠡ ᠳᠤ᠂ ᠮᠠᠯᠴᠢᠳ ᠤᠨ ᠪᠤᠷᠤᠯᠠᠭᠤᠯᠤᠯᠳᠠ ᠶᠢᠨ ᠬᠡᠷᠡᠭᠴᠡᠭᠡ ᠶᠢ | ᠪᠠᠲᠤᠯᠠᠬᠤ ᠶᠢᠨ ᠲᠥᠯᠥᠭᠡ᠂ ᠣᠳᠣᠬᠠᠨ ᠳᠤ ᠪᠥᠬᠦ ᠬᠤᠰᠢᠭᠤᠨ ᠳᠤ ᠶᠠᠩ ᠶᠠᠩ ᠮᠠᠯ ᠠᠵᠤ ᠠᠬᠤᠶ᠂ ᠮᠦᠩᠭᠡ | ᠭᠤᠤᠯ ᠮᠢᠬᠠᠨ ᠤ ᠦᠶᠯᠡᠰ᠂ ᠠᠨᠳᠠ ᠮᠢᠬᠠᠨ ᠤ ᠦᠶᠯᠡᠰ᠂ ᠲᠢᠶᠠᠨ ᠷᠦᠨ ᠮᠢᠬᠠᠨ ᠤ ᠦᠶᠯᠡᠰ᠂ ᠢ ᠶᠤᠸᠠᠨ ᠮᠢᠬᠠᠨ | ᠤ ᠦᠶᠯᠡᠰ᠂ ᠵᠥᠩ ᠰᠢᠨ ᠬᠤᠷᠰᠢᠶᠠᠵᠢᠯ᠂ ᠯᠢᠦᠶ ᠰᠠᠶ ᠮᠢᠬᠠᠨ ᠤ ᠦᠶᠯᠡᠰ᠂ ᠰᠠᠶ ᠷᠦᠨ ᠮᠢᠬᠠᠨ ᠤ ᠦᠶᠯᠡᠰ ᠵᠡᠷᠭᠡ | 8 ᠠᠵᠤ ᠠᠬᠤᠶᠢᠯᠠᠯ ᠨᠢᠲᠤᠯᠵᠤ ᠪᠤᠯᠪᠠᠰᠤᠷᠠᠭᠤᠯᠬᠤ ᠠᠵᠢᠯ ᠢᠶᠠᠨ ᠪᠦᠬᠦ ᠳᠠᠯ᠎ᠠ ᠪᠠᠷ ᠡᠬᠢᠯᠡᠬᠦᠯᠦᠭᠰᠡᠨ ᠪᠠᠶᠢᠨ᠎ᠠ᠃ |