2024 ᠣᠨ ᠤ ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ ᠮᠠᠯ ᠠᠵᠤ ᠠᠬᠤᠶ ᠲᠣᠭᠲᠠᠭᠤᠨ ᠢᠶᠠᠷ | ᠨᠡᠮᠡᠭᠳᠡᠵᠦ᠂ ᠲᠠᠷᠢᠶᠠᠯᠠᠩ ᠣᠶ ᠰᠢᠭᠤᠶ ᠮᠠᠯ ᠠᠵᠤ ᠠᠬᠤᠶ ᠶᠢᠨ ᠦᠢᠯᠡᠳᠭᠦᠨ ᠤ ᠥᠷᠲᠡᠭ ᠤᠨ ᠶᠡᠷᠦᠩᠬᠡᠶ ᠬᠡᠮᠵᠢᠶ᠎ᠡ | 16235 ᠲᠦᠮᠡᠨ ᠲᠥᠭᠦᠷᠢᠭ ᠢ ᠪᠡᠶᠡᠯᠡᠭᠦᠯᠵᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ ᠠᠳᠠᠯᠢ | ᠬᠤᠭᠤᠴᠠᠭᠠᠨ ᠤ ᠬᠢ ᠠᠴᠠ 6.5 % ᠪᠠᠷ ᠨᠡᠮᠡᠭᠳᠡᠵᠦ᠂ ᠶᠡᠷᠦᠩᠬᠡᠶ ᠬᠡᠮᠵᠢᠶ᠎ᠡ ᠨᠢ ᠪᠥᠬᠦ ᠠᠶᠢᠮᠠᠭ ᠤᠨ 7 ᠳ᠋ᠤᠭᠠᠷ ᠲᠤ | ᠵᠢᠭᠰᠠᠭᠠᠭᠳᠠᠵᠤ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ ᠲᠡᠷᠢᠭᠦᠨ ᠳᠤ ᠣᠷᠣᠪᠠ᠃ | ᠨᠢᠭᠡ᠂ ᠠᠵᠤ ᠠᠬᠤᠶ ᠶᠢᠨ ᠲᠠᠷᠢᠮᠠᠯ ᠲᠠᠷᠢᠬᠤ ᠲᠠᠯᠠᠪᠠᠢ ᠪᠠ ᠤᠨᠠᠯᠲᠠ ᠴᠥᠮ ᠳᠡᠭᠡᠭᠰᠢᠯᠡᠪᠡ | ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ ᠢᠳᠡᠰᠢᠨ ᠨᠣᠭᠤᠭ᠎ᠠ ᠵᠢᠴᠢ ᠢᠳᠡᠰᠢᠨ ᠮᠥᠭᠦ ᠶᠢᠨ ᠳᠠᠷᠢᠬᠤ | ᠲᠠᠯᠠᠪᠠᠶ 578.7 ᠮᠥ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 152.7 ᠮᠥ ᠨᠡᠮᠡᠭᠳᠡᠪᠡ᠃ ᠭᠠᠷᠤᠯᠳᠠ | 163.73 ᠲᠤᠨ ᠳᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 59.4% ᠪᠠᠷ ᠨᠡᠮᠡᠭᠳᠡᠪᠡ᠃ ᠡᠭᠦᠨ ᠳᠤ᠄ | ᠭᠤᠸ᠎ᠠ ᠨᠣᠭᠤᠭ᠎ᠠ ᠶᠢᠨ ᠲᠥᠷᠥᠯ ᠤᠨ ᠲᠠᠷᠢᠭᠰᠠᠨ ᠲᠠᠯᠠᠪᠠᠢ 30.5 ᠮᠥ ᠪᠠᠶᠢᠵᠤ᠂ ᠭᠠᠷᠤᠯᠲᠠ ᠨᠢ 27.04 ᠲᠣᠨ | ᠪᠠᠶᠢᠵᠤ᠂ 29.0% ᠨᠡᠮᠡᠭᠳᠡᠪᠡ᠃ ᠬᠠᠰᠢ ᠶᠢᠨ ᠲᠥᠷᠥᠯ ᠤᠨ ᠳᠠᠷᠢᠬᠤ ᠲᠠᠯᠠᠪᠠᠶ 78 ᠮᠥ ᠪᠠᠶᠢᠵᠤ᠂ ᠤᠨᠠᠯᠲᠠ ᠨᠢ | 81.6 ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 353.1% ᠪᠠᠷ ᠨᠡᠮᠡᠭᠳᠡᠪᠡ᠃ | ᠭᠤᠸ᠎ᠠ ᠵᠢᠮᠢᠰ ᠤᠨ ᠲᠦᠷᠦᠯ ᠤᠨ ᠲᠠᠷᠢᠬᠤ ᠲᠠᠯᠠᠪᠠᠢ 176.3 ᠮᠦ ᠪᠠᠶᠢᠵᠤ᠂ ᠠᠳᠠᠯᠢ | ᠬᠤᠭᠤᠴᠠᠭᠠᠨ ᠤ ᠬᠢ ᠠᠴᠠ 208.7 ᠮᠦ ᠪᠠᠭᠠᠰᠴᠤ᠂ ᠤᠨᠠᠯᠳᠠ 1.94 ᠲᠣᠨ ᠪᠠᠶᠢᠵᠤ ᠂ 7.6% ᠪᠠᠷ | ᠪᠠᠭᠤᠷᠠᠪᠠ᠃ | ᠬᠤᠶᠠᠷ᠂ ᠮᠠᠯ ᠤᠨ ᠭᠠᠷᠭᠠᠯᠲᠠ ᠶᠢ ᠤᠷᠢᠳᠴᠢᠯᠠᠨ ᠬᠢᠵᠦ᠂ ᠮᠠᠯ ᠤᠨ ᠠᠰᠢᠭ ᠰᠢᠮ᠎ᠡ ᠶᠢᠨ ᠭᠠᠷᠤᠯᠲᠠ | ᠨᠡᠯᠢᠶᠡᠳ ᠲᠦᠷᠭᠡᠨ ᠨᠡᠮᠡᠭᠳᠡᠪᠡ᠃ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠠᠯᠠᠭ᠎ᠠ ᠮᠥᠴᠢᠷ ᠤᠨ ᠪᠦᠷᠢᠳᠬᠡᠯ ᠢ ᠦᠨᠳᠦᠰᠦᠯᠡᠪᠡᠯ᠂ 6 | ᠰᠠᠷ᠎ᠠ ᠶᠢᠨ ᠰᠡᠭᠦᠯᠴᠢ ᠪᠣᠯᠲᠠᠯ᠎ᠠ ᠪᠥᠬᠦ ᠬᠤᠰᠢᠭᠤᠨᠤ ᠭᠠᠷᠭᠠᠯᠲᠠ ᠠᠳᠠᠯᠢ ᠬᠤᠭᠤᠴᠠᠭᠠᠨᠤ ᠬᠢ ᠠᠴᠠ23.2 % ᠢᠶᠠᠷ | ᠨᠡᠮᠡᠭᠳᠡᠪᠡ᠃ ᠮᠠᠯ ᠤᠨ ᠠᠰᠢᠭ ᠰᠢᠮ᠎ᠡ ᠶᠢᠨ ᠭᠠᠷᠤᠯᠲᠠ ᠢᠯᠡᠳᠲᠡ ᠨᠡᠮᠡᠭᠳᠡᠵᠦ᠂ ᠡᠭᠦᠨ ᠳᠤ᠄ ᠬᠤᠨᠢᠨ ᠮᠢᠬᠠᠨ ᠤ | ᠭᠠᠷᠤᠯᠲᠠ ᠠᠳᠠᠯᠢ ᠬᠤᠭᠤᠴᠠᠭᠠᠨ ᠤ ᠬᠢ ᠠᠴᠠ 62.8% ᠪᠠᠷ ᠨᠡᠮᠡᠭᠳᠡᠵᠦ᠂ ᠭᠠᠭ᠋ᠠᠶ ᠶᠢᠨ ᠮᠢᠬᠠᠨ ᠤ ᠭᠠᠷᠤᠯᠲᠠ | ᠠᠳᠠᠯᠢ ᠬᠤᠭᠤᠴᠠᠭᠠᠨ ᠤ ᠬᠢ ᠠᠴᠠ 22.5% ᠪᠠᠷ ᠨᠡᠮᠡᠭᠳᠡᠵᠦ᠂ ᠰᠦ ᠶᠢᠨ ᠶᠡᠷᠦᠩᠬᠡᠶ ᠭᠠᠷᠤᠯᠲᠠ ᠠᠳᠠᠯᠢ | ᠬᠤᠭᠤᠴᠠᠭᠠᠨ ᠤ ᠬᠢ ᠠᠴᠠ 95.4% ᠪᠠᠷ ᠨᠡᠮᠡᠭᠳᠡᠪᠡ᠃ |