︽ᠬᠦᠬᠡ ᠳᠤᠭᠳᠤᠢ︾ ᠬᠠᠯᠠᠮᠵᠢ ᠶᠢᠨ ᠲᠦᠷᠦᠯ ᠵᠦᠢᠯ ᠵᠢᠩᠭᠢᠨᠢ ᠪᠠᠷ ᠡᠬᠢᠯᠡᠭᠰᠡᠨ
ᠨᠡᠶᠢᠲᠡᠯᠡᠭᠰᠡᠨ ᠴᠠᠭ᠄
2024/9/21
     ᠤᠶᠢᠷ᠎ᠠ ᠶᠢᠨ ᠡᠳᠦᠷ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠤᠷᠭᠠᠨ ᠬᠥᠮᠦᠵᠢᠯ ᠤᠨ ᠲᠣᠪᠴᠢᠶ᠎ᠠ᠂ ᠰᠢᠨ᠎ᠡ ᠴᠠᠭ ᠦᠶ᠎ᠡ ᠶᠢᠨ ᠪᠣᠯᠪᠠᠰᠤᠨ ᠦᠶᠯᠡᠳᠦᠯᠭᠡ ᠶᠢᠨ ᠦᠶᠯᠡᠴᠢᠯᠡᠭᠡᠨ ᠤ ᠲᠥᠪ ᠪᠣᠯᠤᠨ ᠭᠤᠸᠠᠩᠵᠧᠦ ᠬᠤᠲᠠ ᠶᠢᠨ ᠬᠠᠶ ᠵᠦ ᠲᠣᠭᠤᠷᠢᠭ ᠤᠨ ︽ᠬᠦᠬᠡ ᠳᠤᠭᠳᠤᠢ︾ ᠬᠡᠷ ᠲᠡᠭᠡᠨ ᠬᠤᠴᠣᠷᠤᠭᠰᠠᠨ ᠬᠡᠦᠬᠡᠳ ᠎ ᠢ ᠬᠠᠯᠠᠮᠵᠢᠯᠠᠨ ᠬᠠᠶᠢᠷᠠᠯᠠᠬᠤ ᠲᠥᠪ ᠠᠴᠠ ᠬᠠᠮᠳᠤᠷᠠᠨ ᠦᠷᠨᠢᠭᠦᠯᠦᠭᠰᠡᠨ ᠬᠥᠳᠡᠭᠡ ᠲᠣᠰᠬᠤᠨ ᠤ ᠬᠡᠦᠬᠡᠳ ᠤᠨ ᠵᠠᠬᠢᠳᠠᠯ ᠴᠢᠮᠡᠭᠡ ᠪᠠ ᠪᠢᠷ ᠤᠨ ᠨᠠᠶᠢᠵᠠ ᠶᠢᠨ ᠲᠥᠷᠥᠯ ᠵᠦᠶᠯ ᠵᠢᠩᠬᠢᠨᠢ ᠪᠠᠷ ᠡᠬᠢᠯᠡᠪᠡ᠃ ᠲᠥᠷᠥᠯ ᠵᠦᠶᠯ ᠤᠨ ᠬᠠᠷᠢᠭᠤᠴᠠᠯᠭᠠᠲᠠᠨ ᠲᠥᠷᠥᠯ ᠵᠦᠶᠯ ᠤᠨ ᠠᠵᠢᠯᠯᠠᠭᠠᠨ ᠤ ᠵᠠᠭᠪᠤᠷ ᠵᠢᠴᠢ ᠰᠤᠷᠭᠠᠭᠤᠯᠢ ᠶᠢᠨ ᠲᠥᠷᠥᠯ ᠵᠦᠶᠯ ᠢ ᠬᠡᠷᠬᠢᠨ ᠥᠷᠨᠢᠭᠦᠯᠬᠦ ᠲᠤᠬᠠᠶ ᠨᠠᠷᠢᠨ ᠲᠠᠨᠢᠯᠴᠠᠭᠤᠯᠪᠠ᠃      ᠣᠶᠢᠯᠠᠭᠠᠭᠰᠠᠨ ᠢᠶᠠᠷ᠂ ᠲᠣᠰ ᠲᠥᠷᠥᠯ ᠵᠦᠶᠯ ᠤᠨ ᠡᠬᠢᠯᠡᠯᠲᠡ ᠶᠢᠨ ᠬᠤᠭᠤᠴᠠᠭ᠎ᠠ ᠨᠢ ᠵᠢᠯ ᠬᠠᠭᠠᠰ ᠪᠠᠶᠢᠵᠤ᠂ ᠡᠯ᠎ᠡ ᠶᠡᠭᠡ ᠳᠡᠭᠡᠳᠦ ᠰᠤᠷᠭᠠᠭᠤᠯᠢ ᠶᠢᠨ ᠤᠶᠤᠳᠠᠨ ᠰᠠᠶᠢᠨ ᠳᠤᠷᠠᠴᠤᠳ ᠤᠨ ᠤᠷᠤᠯᠴᠠᠭ᠎ᠠ ᠲᠠᠢ᠂ ᠭᠤᠤᠯᠳᠠᠭᠤ ᠳᠤᠮᠳᠠᠳᠤ ᠰᠤᠷᠭᠠᠭᠤᠯᠢ ᠶᠢᠨ ᠰᠤᠷᠤᠭᠴᠢᠳ ᠲᠤ ᠵᠠᠬᠢᠳᠠᠯ ᠴᠢᠮᠡᠭᠡᠨ ᠤ ᠬᠡᠯᠪᠡᠷᠢ ᠪᠠᠷ ᠦᠵᠡᠯ ᠪᠤᠳᠤᠯ ᠢᠶᠠᠨ ᠢᠯᠡᠷᠭᠡᠶᠢᠯᠡᠬᠦ ᠪᠠ ᠤᠶᠢᠯᠠᠭᠠᠯᠴᠠᠬᠤ ᠲᠠᠪᠴᠠᠩ ᠪᠠᠶᠢᠭᠤᠯᠵᠤ᠂ ᠲᠡᠳᠡᠨ ᠤ ᠪᠤᠬᠢᠨᠢᠳᠤᠯ ᠪᠠ ᠠᠰᠠᠭᠤᠳᠠᠯ ᠢ ᠰᠣᠨᠣᠰᠴᠤ᠂ ᠲᠡᠳᠡᠨ ᠳᠤ ᠰᠡᠳᠬᠢᠴᠡ ᠶᠢᠨ ᠵᠢᠯᠣᠭᠤᠳᠣᠯᠭ᠎ᠠ ᠬᠢᠵᠦ᠂ ᠨᠠᠩ ᠶᠡᠭᠡ ᠬᠠᠶᠢᠷ᠎ᠠ ᠬᠠᠯᠠᠮᠵᠢᠯᠠᠯ ᠦᠵᠡᠭᠦᠯᠵᠦ᠂ ᠠᠮᠢᠳᠤᠷᠠᠯ ᠎ ᠤᠨ ᠡᠯ᠎ᠡ ᠲᠠᠯ᠎ᠠ ᠪᠠᠷ ᠬᠠᠪᠰᠤᠷᠤᠯᠭ᠎ᠠ ᠦᠵᠡᠬᠦᠯᠵᠦ᠂ ᠵᠠᠬᠢᠳᠠᠯ ᠴᠢᠮᠡᠭᠡᠨ ᠤ ᠠᠮᠤᠷ ᠲᠦᠪᠰᠢᠨ ᠣᠷᠣᠨ ᠵᠠᠶ ᠳᠤ᠂ ᠴᠢᠯᠥᠭᠡᠲᠡᠶ ᠪᠠᠷ ᠰᠡᠳᠬᠢᠯᠭᠡ ᠪᠠᠨ ᠲᠣᠭᠠᠴᠢᠵᠤ᠂ ᠰᠡᠳᠬᠢᠴᠡ ᠶᠢᠨ ᠬᠠᠨᠢ ᠪᠣᠯᠵᠣ᠂ ᠬᠦᠴᠦᠨ ᠴᠢᠳᠠᠯ ᠢᠶᠠᠨ ᠳᠠᠮᠵᠢᠭᠤᠯᠬᠤ ᠶᠢ ᠵᠤᠷᠢᠵᠤ ᠪᠤᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号