ᠵᠠᠩ ᠰᠢ ᠴᠧᠩ — ᠤᠷ᠎ᠠ ᠰᠢᠩᠭᠡᠭᠰᠡᠨ ᠡᠷᠳᠡᠨᠢ ᠤᠷᠠᠨ ᠬᠠᠶᠢᠴᠢᠯᠠᠮᠠᠯ ᠤᠨ ᠪᠦᠲᠦᠭᠡᠯ
ᠨᠡᠶᠢᠲᠡᠯᠡᠭᠰᠡᠨ ᠴᠠᠭ᠄
2024/9/21
     ᠴᠠᠭᠠᠰᠤᠨ ᠬᠠᠶᠢᠴᠢᠯᠠᠮᠠᠯ ᠪᠤᠯ ᠳᠤᠮᠳᠠᠳᠤ ᠶᠢᠨ ᠦᠨᠳᠦᠰᠦᠳᠡᠨ ᠤ ᠣᠯᠠᠮᠵᠢᠯᠠᠯᠳᠤ ᠠᠷᠠᠳ ᠤᠨ ᠭᠠᠷ ᠤᠷᠠᠯᠠᠯ᠂ ᠳᠤᠮᠳᠠᠳᠤ ᠤᠯᠤᠰ ᠤᠨ ᠠᠷᠠᠳ ᠤᠨ ᠤᠷᠠᠯᠢᠭ ᠤᠨ ᠦᠨᠡᠳᠦ ᠡᠷᠳᠡᠨᠢ᠂ ᠨᠢᠭᠡᠨᠳᠡ ᠳᠡᠯᠡᠭᠡᠢ ᠶᠢᠨ ᠤᠷᠠᠯᠢᠭ ᠤᠨ ᠡᠷᠳᠡᠨᠢᠰ ᠤᠨ ᠰᠠᠩ ᠤᠨ ᠨᠢᠭᠡ ᠵᠦᠢᠯ ᠤᠨ ᠬᠤᠪᠤᠷ ᠨᠠᠨᠳᠢᠨ ᠬᠠᠳᠠᠭᠠᠯᠠᠮᠵᠢ ᠪᠤᠯᠤᠭᠰᠠᠨ ᠶᠤᠮ᠃ ᠴᠠᠭᠠᠰᠤᠨ ᠬᠠᠶᠢᠴᠢᠯᠠᠮᠠᠯ ᠤᠨ ᠤᠷᠠᠯᠢᠭᠴᠢᠨ ᠵᠠᠩ ᠰᠢ ᠴᠧᠩ ᠤᠬᠠᠭᠠᠨ ᠰᠠᠨᠠᠭ᠎ᠠ ᠬᠠᠯᠠᠭᠤᠨ ᠬᠠᠶᠢᠷ᠎ᠠ ᠪᠠᠨ ᠤᠷᠠᠯᠠᠭᠰᠠᠨ ᠪᠦᠲᠦᠭᠡᠯ ᠳᠤ ᠪᠠᠨ ᠰᠢᠩᠭᠡᠭᠡᠵᠦ᠂ ᠳᠤᠮᠳᠠᠳᠤ ᠶᠢᠨ ᠰᠤᠶᠤᠯ ᠢᠶᠠᠨ ᠤᠯᠠᠮᠵᠢᠯᠠᠨ ᠪᠠᠳᠠᠷᠠᠭᠤᠯᠬᠤ ᠳᠤ ᠨᠢᠭᠡ ᠮᠦᠷᠦᠨ ᠤ ᠬᠦᠴᠦᠨ ᠢᠶᠠᠨ ᠡᠷᠬᠦᠵᠦ ᠶᠠᠪᠤᠨ᠎ᠠ᠃      ︽ᠡᠳᠡᠭᠡᠷ ᠪᠣᠯ ᠮᠢᠨᠦ ᠭᠠᠳᠠᠭᠰᠢ ᠭᠠᠷᠬᠤ ᠦᠶ᠎ᠡ ᠳᠤ ᠣᠯᠵᠤ ᠦᠵᠡᠭᠰᠡᠨ ᠦᠩᠭᠡ ᠦᠵᠡᠮᠵᠢ ᠪᠤᠯᠤᠨ᠎ᠠ᠂ ᠰᠠᠶᠢᠬᠠᠨ ᠰᠠᠨᠠᠭᠳᠠᠬᠤᠯᠠᠷ ᠰᠡᠭᠦᠳᠡᠷᠯᠡᠵᠦ ᠠᠪᠤᠭᠠᠳ ᠭᠡᠷ ᠲᠡᠭᠡᠨ ᠬᠠᠷᠢᠵᠤ ᠢᠷᠡᠭᠰᠡᠨ ᠳᠠᠷᠠᠭ᠎ᠠ ᠬᠠᠶᠢᠴᠢᠯᠠᠵᠤ ᠭᠠᠷᠭᠠᠳᠠᠭ᠃︾ — ᠵᠠᠩ ᠰᠢ ᠴᠧᠩ ᠴᠠᠭᠠᠰᠤᠨ ᠬᠠᠶᠢᠴᠢᠯᠠᠮᠠᠯ ᠤᠨ ᠪᠦᠲᠦᠭᠡᠯ ᠢᠶᠠᠨ ᠭᠠᠷᠭᠠᠨ ᠦᠵᠡᠭᠦᠯᠵᠦ᠂ ᠰᠤᠷᠪᠤᠯᠵᠢᠯᠠᠭᠴᠢ ᠳᠤ ᠴᠠᠭᠠᠰᠤᠨ ᠬᠠᠶᠢᠴᠢᠯᠠᠮᠠᠯ ᠤᠨ ᠪᠦᠲᠦᠭᠡᠯ ᠤᠨ ᠢᠶᠠᠨ ᠢᠷᠡᠯᠲᠡ ᠶᠢ ᠤᠷᠮ᠎ᠠ ᠪᠠᠭ᠋ᠠᠲᠠᠶ ᠪᠠᠷ ᠶᠠᠷᠢᠵᠤ ᠦᠭᠭᠦ ᠶᠢᠨ ᠬᠠᠮᠳᠤ ᠤᠷᠠᠯᠠᠭᠰᠠᠨ ᠪᠦᠲᠦᠭᠡᠯ ᠢᠶᠠᠨ ᠨᠢᠭᠡᠳ ᠨᠢᠭᠡ ᠪᠠᠷ ᠳᠡᠯᠭᠡᠨ ᠦᠵᠡᠭᠦᠯᠵᠡᠶ᠃      ᠵᠠᠩ ᠰᠢ ᠴᠧᠩ ᠪᠣᠯ ᠨᠢᠭᠡᠨ ᠠᠵᠢᠯ ᠠᠴᠠ ᠪᠠᠨ ᠠᠮᠠᠷᠠᠭᠰᠠᠨ ᠲᠡᠮᠦᠷ ᠵᠠᠮ ᠤᠨ ᠠᠵᠢᠯᠴᠢᠨ᠂ ᠳᠡᠬᠦᠨ ᠤ ᠬᠦᠳᠡᠷ ᠳᠤᠮᠤ ᠪᠡᠶ᠎ᠡ ᠬᠠᠷ᠎ᠠ ᠶᠢ ᠦᠵᠡᠪᠡᠯ᠂ ᠤᠷᠠᠨ ᠨᠠᠷᠢᠯᠢᠭ ᠴᠠᠭᠠᠰᠤᠨ ᠬᠠᠶᠢᠴᠢᠯᠠᠮᠠᠯ ᠤᠨ ᠤᠷᠠᠯᠢᠭᠴᠢᠨ ᠭᠡᠬᠦ ᠳᠤ ᠢᠳᠡᠭᠡᠮᠡᠷ ᠦᠬᠡᠢ ᠬᠠᠷᠠᠭᠳᠠᠨ᠎ᠠ᠃ ᠴᠠᠭᠠᠰᠤᠨ ᠬᠠᠶᠢᠴᠢᠯᠠᠮᠠᠯ ᠤᠷᠠᠯᠠᠳᠠᠭ ᠭᠠᠭᠴᠠ ᠬᠠᠶᠢᠴᠢ ᠲᠠᠢ ᠪᠠᠨ 31 ᠵᠢᠯ ᠬᠠᠨᠢᠯᠠᠬᠤ ᠳᠤ ᠪᠠᠨ ᠳᠡᠷᠡ᠂ ᠳᠡᠯᠡᠭᠡᠢ ᠶᠢᠨ ᠲᠦᠮᠡᠨ ᠪᠤᠳᠠᠰ᠂ ᠳᠡᠷᠭᠡᠳᠡᠬᠢ ᠤᠨᠴᠠᠭᠠᠢ ᠦᠵᠡᠭᠳᠡᠯ ᠪᠦᠬᠦᠨ ᠢᠶᠠᠨ ᠴᠢᠳᠠᠨ ᠶᠠᠳᠠᠨ ᠤᠷᠠᠯᠠᠵᠤ᠂ ᠬᠢᠴᠢᠶᠡᠨ ᠵᠢᠳᠬᠦᠭᠰᠡᠭᠡᠷ ᠰᠠᠶᠢᠨ ᠰᠠᠶᠢᠬᠠᠨ ᠬᠦᠰᠡᠯᠡᠩ᠂ ᠦᠯᠵᠡᠢ ᠪᠡᠯᠭᠡᠳᠡᠯ᠂ ᠰᠠᠨᠠᠭ᠎ᠠ ᠠᠬᠤᠢ ᠶᠢ ᠳᠤᠰᠬᠠᠭᠰᠠᠨ ᠮᠢᠩᠭᠠᠭᠠᠳ ᠪᠦᠲᠦᠭᠡᠯ ᠲᠠᠢ ᠪᠤᠯᠤᠭᠰᠠᠨ ᠪᠢᠯᠡ᠃      ᠵᠠᠩ ᠰᠢ ᠴᠧᠩ 1989 ᠣᠨ ᠳᠤ ᠬᠤᠤᠰ ᠤᠨ ᠪᠠᠷᠢᠯᠳᠤᠯᠭ᠎ᠠ ᠪᠠᠷ ᠬᠤᠷᠢᠮ ᠨᠠᠶᠢᠷ ᠢᠶᠠᠨ ᠬᠢᠬᠦ ᠪᠤᠯᠤᠭᠠᠳ᠂ ᠳᠤᠬᠠᠢ ᠶᠢᠨ ᠦᠶ᠎ᠡ ᠳᠤ ᠠᠮᠢᠳᠤᠷᠠᠯ ᠤᠨ ᠨᠦᠬᠦᠴᠡᠯ ᠬᠦᠴᠢᠷᠳᠡᠯᠳᠡᠢ ᠪᠠᠶᠢᠭᠰᠠᠨ ᠲᠠᠷᠡ᠂ ᠴᠠᠭᠠᠰᠤᠨ ᠬᠠᠶᠢᠴᠢᠯᠠᠮᠠᠯ ᠤᠷᠠᠯᠠᠳᠠᠭ ᠨᠠᠶᠢᠵᠠ ᠪᠠᠷ ᠢᠶᠠᠨ ︽ᠪᠠᠶᠠᠷ︾ ᠭᠡᠰᠡᠨ ᠦᠰᠦᠭ ᠤᠷᠠᠯᠠᠭᠤᠯᠬᠤ ᠬᠡᠵᠦ ᠭᠤᠶᠤᠭᠰᠠᠨ ᠤᠴᠢᠷ ᠨᠢ ᠬᠠᠳᠠᠭᠠᠰᠤ ᠮᠦᠷᠬᠦᠵᠦ᠂ ᠠᠷᠭ᠎ᠠ ᠦᠬᠡᠢ ᠦᠪᠡᠷᠳᠡᠭᠡᠨ ᠤᠷᠤᠯᠳᠤᠵᠤ ᠰᠤᠷᠴᠠᠢ᠃ ︽ᠬᠦᠮᠦᠨ ᠤ ᠬᠢᠵᠦ ᠴᠢᠳᠠᠭᠰᠠᠨ ᠎ ᠢ ᠪᠢ ᠴᠦ ᠬᠢᠵᠦ ᠴᠢᠳᠠᠯᠬᠦᠢ︾ ᠬᠡᠮᠡᠨ ᠲᠡᠷᠡ ᠵᠢᠯ ᠠᠴᠠ ᠡᠬᠢᠯᠡᠨ᠂ ᠲᠡᠷᠡ ᠴᠠᠭᠠᠰᠤᠨ ᠬᠠᠶᠢᠴᠢᠯᠠᠮᠠᠯ ᠤᠨ ᠮᠡᠷᠭᠡᠵᠢᠯ ᠎ ᠤᠨ ᠵᠠᠮ ᠢᠶᠠᠷ ᠵᠢᠩᠬᠢᠨᠢ ᠪᠠᠷ ᠵᠠᠮᠨᠠᠵᠤ᠂ ᠲᠠᠰᠤᠷᠠᠯᠲᠠ ᠥᠬᠡᠶ ᠲᠤᠷᠰᠢᠨ ᠰᠤᠷᠤᠯᠴᠠᠬᠤ ᠪᠠᠷ ᠳᠡᠮᠵᠢᠨ᠂ ᠲᠥᠬᠦᠮ ᠠᠴᠠ ᠪᠤᠳᠤᠯᠢᠶᠠᠨᠲᠠᠶ ᠶᠢ ᠤᠷᠤᠯᠳᠤᠵᠤ᠂ ᠤᠳᠤ ᠪᠤᠯᠬᠤ ᠳᠤ ᠦᠪᠡᠷᠮᠢᠴᠡ ᠬᠡᠪ ᠨᠠᠮᠪᠠ ᠲᠠᠢ᠂ ᠠᠮᠢᠵᠢᠷᠠᠯ ᠤᠨ ᠬᠦᠴᠦᠨ ᠎ ᠲᠠᠢ ᠤᠯᠠᠨ ᠪᠦᠲᠦᠭᠡᠯ ᠢᠶᠠᠨ ᠤᠷᠠᠯᠠᠵᠤ᠂ ᠣᠯᠠᠨ ᠴᠦ ᠤᠳᠠᠭ᠎ᠠ ᠬᠤᠰᠢᠭᠤᠨ ᠤ ᠬᠡᠪᠴᠢᠶᠡᠨ ᠳᠠᠬᠢ ᠡᠯ᠎ᠡ ᠲᠥᠷᠥᠯ ᠎ ᠤᠨ ᠶᠡᠭᠡ ᠪᠠᠭ᠎ᠠ ᠠᠵᠢᠯᠯᠠᠭ᠎ᠠ ᠳᠤ ᠤᠷᠢᠭᠳᠠᠨ ᠣᠷᠣᠯᠴᠠᠵᠤ᠂ ᠴᠠᠭᠠᠰᠤᠨ ᠬᠠᠶᠢᠴᠢᠯᠠᠮᠠᠯ ᠤᠨ ᠪᠦᠲᠦᠭᠡᠯ ᠨᠢ ᠴᠦ ᠠᠷᠠᠳ ᠣᠯᠠᠨ ᠳᠤ ᠣᠶᠢᠯᠠᠭᠠᠭᠳᠠᠵᠤ᠂ ᠣᠯᠠᠨ ᠤ ᠲᠠᠭᠠᠰᠢᠶᠠᠯ ᠪᠠ ᠪᠠᠭ᠋ᠠᠷᠬᠠᠯ ᠢ ᠶᠡᠬᠡᠳᠡ ᠣᠯᠵᠤ᠂ ᠤᠯᠠᠨ ᠪᠦᠲᠦᠭᠡᠯ ᠎ ᠨᠢ ᠢᠯᠡ ᠵᠠᠬᠢᠳᠠᠯ ᠤᠨ ᠬᠠᠭᠤᠳᠠᠰᠤ ᠪᠠᠷ ᠵᠤᠬᠢᠶᠠᠭᠳᠠᠨ᠂ ᠦᠵᠡᠰᠬᠦᠯᠡᠩ ᠳᠤ ᠳᠡᠯᠭᠡᠭᠳᠡᠭᠰᠡᠨ ᠪᠠᠶᠢᠨ᠎ᠠ᠃      ︽ᠴᠠᠭᠠᠰᠤᠨ ᠬᠠᠶᠢᠴᠢᠯᠠᠮᠠᠯ ᠪᠣᠯ ᠨᠢᠭᠡ ᠵᠦᠶᠯ ᠤᠨ ᠬᠠᠶᠢᠷ᠎ᠠ ᠪᠤᠯᠬᠤ ᠶᠤᠮ᠂ ᠣᠭ ᠰᠠᠨᠠᠭ᠎ᠠ ᠪᠠᠨ ᠡᠭᠦᠷᠢᠳᠡ ᠬᠠᠳᠠᠭᠠᠯᠠᠵᠤ᠂ ᠤᠷ᠎ᠠ ᠤᠬᠠᠭᠠᠨ ᠢᠶᠠᠨ ᠰᠢᠩᠭᠡᠭᠡᠭᠰᠡᠨ ᠤᠯᠠᠮ ᠤᠯᠠᠨ ᠪᠦᠲᠦᠭᠡᠯ ᠤᠷᠠᠯᠠᠵᠤ᠂ ᠡᠨᠡᠬᠦ ᠤᠷ᠎ᠠ ᠮᠡᠷᠭᠡᠵᠢᠯ ᠎ ᠢᠶᠠᠨ ᠤᠯᠠᠮ ᠴᠢᠨᠠᠭᠰᠢᠳᠠ ᠤᠯᠠᠮᠵᠢᠯᠠᠨ᠎ᠠ︾ ᠭᠡᠵᠦ ᠲᠡᠷᠡ ᠰᠤᠷᠪᠤᠯᠵᠢᠯᠠᠭᠴᠢ ᠳᠤ ᠢᠳᠡᠭᠡᠯ ᠲᠦᠭᠦᠷᠡᠩ ᠶᠠᠷᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号