ᠭᠤᠷᠪᠠᠨ ᠭᠠᠵᠠᠷ ᠤᠨ ᠤᠯᠠᠭᠠᠨᠮᠥ᠋ᠴᠢᠷ ᠬᠠᠮᠳᠤᠷᠠᠨ ᠲᠤᠭᠯᠠᠵᠦ ᠴᠠᠭ ᠦᠶ᠎ᠡ ᠪᠠᠨ ᠮᠠᠭᠳᠠᠨ ᠲᠠᠭᠤᠯᠠᠪᠠ
ᠨᠡᠶᠢᠲᠡᠯᠡᠭᠰᠡᠨ ᠴᠠᠭ᠄
2024/9/24
     9 ᠰᠠᠷ᠎ᠠ ᠶᠢᠨ 20 ᠤ ᠡᠳᠦᠷ ᠤᠨ ᠤᠷᠤᠢ᠂ ᠡᠷᠢᠶᠡᠨ ᠬᠤᠲᠠ᠂ ᠰᠥᠨᠢᠳ ᠵᠡᠭᠦᠨ ᠬᠤᠰᠢᠭᠤ ᠵᠢᠴᠢ ᠮᠠᠨ ᠤ ᠬᠤᠰᠢᠭᠤᠨ ᠤ ᠤᠯᠠᠭᠠᠨᠮᠥ᠋ᠴᠢᠷ ᠤᠨ ᠬᠠᠮᠲᠤ ᠪᠠᠷ ᠪᠡᠯᠡᠳᠬᠡᠭᠰᠡᠨ ᠤᠷᠠᠨ ᠰᠠᠶᠢᠬᠠᠨ ᠤ ᠦᠳᠡᠰᠢᠯᠡᠭᠡ ᠨᠢ ᠤᠯᠠᠭᠠᠨᠮᠥ᠋ᠴᠢᠷ ᠠᠭᠤᠳᠠᠮ ᠲᠠᠯᠠᠪᠠᠢ ᠳᠤ ᠭᠤᠶᠢᠳᠠ ᠰᠠᠶᠢᠬᠠᠨ ᠲᠣᠭᠯᠠᠵᠤ᠂ ᠲᠠᠯ᠎ᠠ ᠨᠤᠲᠤᠭ ᠤᠨ ᠪᠠᠶᠠᠷ ᠪᠠᠭ᠋ᠠᠳᠤᠯ ᠤᠨ ᠳᠠᠭᠤᠤ ᠶᠢ ᠬᠠᠩᠭᠢᠨᠠᠭᠤᠯᠪᠠ᠃      ᠤᠷᠠᠨ ᠰᠠᠶᠢᠬᠠᠨ ᠤ ᠦᠳᠡᠰᠢᠯᠡᠭᠡ ᠨᠢ ︽ᠤᠮᠠᠷᠠᠲᠤ ᠬᠢᠯᠢ ᠪᠠᠨ ᠮᠠᠭᠲᠠᠨ ᠳᠠᠭᠤᠯᠠᠵᠤ᠂ ᠢᠷᠡᠭᠡᠳᠦᠢ ᠶᠢ ᠬᠠᠮᠲᠤ ᠪᠠᠷ ᠴᠣᠭᠴᠠᠯᠠᠶ᠎ᠠ︾ ᠭᠡᠬᠦ ᠭᠤᠣᠯ ᠰᠡᠳᠦᠪ ᠤᠨ ᠲᠤᠭᠤᠷᠢᠨ ᠳᠤ᠂ ᠡᠯᠪᠡᠭ ᠬᠤᠷᠢᠶᠠᠯᠲᠠ ᠪᠠᠨ ᠪᠡᠯᠭᠡᠯᠡᠵᠦ᠂ ᠢᠷᠡᠭᠡᠳᠦᠢ ᠪᠠᠨ ᠪᠠᠷᠠᠯᠠᠨ᠂ ᠪᠦᠬᠦ ᠬᠤᠰᠢᠭᠤᠨ ᠤ ᠦᠵᠡᠭᠴᠢᠳ ᠲᠤ ᠥᠨᠳᠥᠷ ᠬᠢᠷᠢ ᠲᠦᠪᠰᠢᠨ ᠪᠦᠬᠦᠢ ᠲᠤᠰᠬᠠᠢ ᠤᠷᠠᠨ ᠰᠠᠶᠢᠬᠠᠨ ᠤ ᠲᠣᠭᠯᠠᠯᠲᠠ ᠭᠠᠷᠭᠠᠪᠠ᠃      ᠲᠣᠭᠯᠠᠯᠲᠠ ᠨᠢ ᠡᠷᠢᠶᠡᠨ ᠬᠤᠲᠠ ᠶᠢᠨ ᠤᠯᠠᠭᠠᠨᠮᠥ᠋ᠴᠢᠷ ᠤᠨ ︽ᠢᠷᠦᠭᠡᠯ︾ ᠭᠡᠬᠦ ᠬᠠᠮᠲᠦ ᠶᠢᠨ ᠪᠦᠵᠢᠭ ᠢᠶᠠᠷ ᠬᠦᠰᠢᠭᠡ ᠪᠠᠨ ᠰᠡᠬᠦᠵᠦ᠂ ᠮᠠᠨ ᠤ ᠬᠤᠰᠢᠭᠤᠨ ᠤ ᠤᠯᠠᠭᠠᠨᠮᠥ᠋ᠴᠢᠷ ᠤᠨ ᠡᠷᠡᠭᠲᠡᠢ ᠶᠢᠨ ᠭᠤᠴᠣᠯᠠᠯ ᠳᠠᠭᠤᠤ ︽ᠨᠤᠳᠤᠭ ᠤᠨ ᠮᠦᠷᠦᠭᠡᠳᠦᠯ︾ ᠭᠡᠬᠦ ᠳᠠᠭᠤᠤ ᠨᠢ ᠭᠦᠨ ᠵᠤᠵᠠᠭᠠᠨ ᠬᠠᠶᠢᠷ᠎ᠠ ᠰᠡᠳᠬᠢᠯᠭᠡ ᠠᠭᠤᠯᠠᠵᠦ᠂ ᠲᠠᠯ᠎ᠠ ᠨᠤᠲᠤᠭ ᠤᠨ ᠬᠥᠪᠡᠭᠦᠳ ᠥᠬᠢᠳ ᠤᠨ ᠨᠤᠲᠤᠭ ᠤᠰᠤ ᠪᠠᠨ ᠬᠠᠶᠢᠷᠠᠯᠠᠬᠤ ᠰᠡᠳᠬᠢᠯᠭᠡ ᠶᠢ ᠢᠯᠡᠷᠡᠬᠦᠯᠪᠡ᠃ ᠰᠥᠨᠢᠳ ᠵᠡᠭᠦᠨ ᠬᠤᠰᠢᠭᠤᠨ ᠤ ᠤᠯᠠᠭᠠᠨᠮᠦ᠋ᠴᠢᠷ ᠤᠨ ᠡᠷᠭᠦᠨ ᠪᠠᠷᠢᠭᠰᠠᠨ ︽ᠬᠦᠭᠰᠢᠨ ᠬᠤᠤᠬᠠᠩ︾ ᠭᠡᠬᠦ ᠳᠠᠭᠤᠤ ᠨᠢ ᠮᠠᠯᠴᠢᠨ ᠲᠦᠮᠡᠨ ᠤ ᠰᠢᠨᠳᠠᠷᠠᠰᠢ ᠦᠭᠡᠢ ᠳᠡᠰᠪᠦᠷᠢ ᠬᠠᠳᠠᠭᠤᠵᠢᠯᠲᠠᠢ᠂ ᠴᠤᠴᠠᠯᠲᠠ ᠦᠭᠡᠢ ᠤᠷᠤᠭᠰᠢᠯᠠᠬᠤ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠢᠯᠡᠷᠡᠬᠦᠯᠦᠭᠰᠡᠨ ᠪᠠᠶᠢᠨ᠎ᠠ᠃ ᠡᠷᠢᠶᠡᠨ ᠬᠤᠲᠠ ᠶᠢᠨ ᠡᠮᠡᠭᠲᠠᠢ ᠶᠢᠨ ᠭᠤᠴᠣᠯᠠᠯ ᠳᠠᠭᠤᠤ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠶ᠎ᠠ︾ ᠭᠡᠬᠦ ᠲᠠᠭᠤᠤ ᠨᠢ ᠬᠥᠮᠦᠰ ᠤᠨ ᠨᠤᠲᠤᠭ ᠤᠰᠤ ᠪᠠᠨ ᠰᠠᠨᠠᠨ ᠮᠦᠷᠦᠭᠡᠳᠦᠵᠦ᠂ ᠵᠢᠷᠭᠠᠯ ᠵᠤᠪᠠᠯᠠᠩ ᠢᠶᠠᠨ ᠬᠠᠮᠳᠤᠳᠬᠠᠨ ᠰᠠᠬᠢᠨ ᠪᠠᠷᠠᠯᠠᠵᠤ ᠬᠠᠷᠢᠯᠴᠠᠨ ᠭᠠᠷ ᠬᠤᠯᠪᠣᠯᠴᠠᠨ ᠤᠷᠤᠭᠰᠢᠯᠠᠬᠤ ᠵᠤᠷᠢᠭ ᠰᠠᠨᠠᠭ᠎ᠠ ᠶᠢ ᠢᠯᠡᠳᠬᠡᠭᠰᠡᠨ ᠪᠠᠶᠢᠨ᠎ᠠ᠃ ᠯᠢᠮᠪᠦ ᠶᠢᠨ ᠭᠤᠴᠤᠯᠠᠯ ︽ᠥᠷᠨᠢᠭᠦᠨ ᠬᠦᠭᠵᠢᠭᠡ ᠥᠪᠥᠷ ᠮᠣᠩᠭᠤᠯ︾ ᠨᠢ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠲᠤᠶᠠᠭᠠᠯᠠᠯ ᠳᠣᠣᠷ᠎ᠠ᠂ ᠰᠢᠨ᠎ᠡ ᠴᠠᠭ ᠦᠶ᠎ᠡ ᠶᠢᠨ ᠲᠠᠯ᠎ᠠ ᠨᠤᠲᠤᠭ ᠤᠨ ᠬᠥᠪᠡᠭᠦᠳ ᠥᠬᠢᠳ ᠪᠦᠯᠬᠦᠮᠳᠡᠨ ᠨᠢᠭᠡᠳᠴᠦ᠂ ᠡᠷᠡᠯᠬᠡᠭᠯᠡᠨ ᠤᠷᠤᠭᠰᠢᠯᠠᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠠᠮᠢᠳᠤᠯᠢᠭ ᠢᠶᠠᠷ ᠵᠢᠷᠤᠭᠯᠠᠪᠠ᠃ ᠪᠦᠬᠦ᠋ᠢᠯᠡ ᠲᠠᠯᠠᠪᠠᠢ ᠲᠣᠭᠯᠠᠯᠲᠠ ᠨᠢ ᠭᠤᠶᠢᠳᠠ ᠰᠠᠶᠢᠬᠠᠨ ᠪᠠᠶᠢᠵᠤ᠂ ᠤᠷᠲᠤ ᠶᠢᠨ ᠳᠠᠭᠤᠤ᠂ ᠬᠥᠭᠡᠮᠡᠢ᠂ ᠨᠠᠶᠢᠷᠠᠯ ᠬᠥᠭᠵᠢᠮ᠂ ᠳᠠᠭᠤᠤ ᠪᠥᠵᠢᠭ ᠵᠡᠷᠭᠡ ᠲᠣᠭᠯᠠᠯᠲᠠ ᠵᠠᠯᠭᠠᠭ᠎ᠠ ᠪᠠᠷ ᠶᠠᠪᠤᠭᠳᠠᠵᠤ᠂ ᠲᠦᠷᠪᠡᠨ ᠵᠦᠭ ᠨᠠᠢᠮᠠᠨ ᠵᠤᠪᠬᠢᠰ ᠤᠨ ᠵᠣᠴᠢᠳ ᠲᠤ ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠤᠨ ᠴᠠᠭ ᠦᠶ᠎ᠡ ᠶᠢᠨ ᠴᠤᠭ ᠵᠢᠪᠬᠤᠭ᠎ᠠ ᠶᠢ ᠦᠨᠡᠨ ᠬᠦ ᠮᠡᠳᠡᠷᠡᠭᠦᠯᠪᠡ᠃      ᠲᠤᠰ ᠤᠳᠠᠭᠠᠨ ᠤ ᠲᠣᠭᠯᠠᠯᠲᠠ ᠨᠢ ᠤᠯᠠᠭᠠᠨᠮᠥ᠋ᠴᠢᠷ ᠤᠨ ᠦᠨᠳᠦᠰᠦᠨ ᠱᠠᠲᠤᠨ ᠳᠤ ᠦᠨᠳᠦᠰᠦᠯᠡᠵᠦ᠂ ᠠᠷᠠᠳ ᠲᠦᠮᠡᠨ ᠳᠤ ᠦᠢᠯᠡᠴᠢᠯᠡᠬᠦ ᠡᠷᠬᠢᠮ ᠳᠡᠭᠡᠳᠦ ᠵᠣᠷᠢᠭ ᠰᠠᠨᠠᠭ᠎ᠠ ᠶᠢ ᠢᠯᠡᠷᠡᠬᠦᠯᠦᠨ᠂ ᠦᠨᠳᠦᠰᠦᠲᠡᠨ ᠨᠦᠭᠦᠳ ᠤᠨ ᠰᠣᠶᠣᠯ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠤᠭᠰᠠᠨ ᠪᠥᠭᠡᠳ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠬᠢᠯ ᠢ ᠨᠢᠭᠲᠠ ᠬᠤᠯᠪᠣᠵᠤ᠂ ᠤᠯᠠᠭᠠᠨᠮᠥ᠋ᠴᠢᠷ ᠤᠨ ︽ᠨᠠᠮ  ᠳᠠᠭᠠᠨ ᠲᠠᠯᠠᠷᠬᠠᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠡᠷᠡᠰ ᠵᠣᠷᠢᠭ ᠢ ᠭᠦᠢᠴᠡᠳ ᠢᠯᠡᠷᠡᠬᠦᠯᠦᠭᠰᠡᠨ ᠪᠠᠶᠢᠨ᠎ᠠ᠃  
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号